ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠤᠯᠬᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/24
    ᠣᠳᠣᠬᠠᠨ ᠳᠤ᠂ ᠨᠠᠮᠤᠷ ᠤᠨ ᠠᠮᠤ ᠪᠤᠳᠠᠭᠠᠨ ᠤ ᠤᠨᠠᠯᠲᠠ ᠪᠦᠷᠢᠯᠳᠦᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠣᠳᠣᠬᠠᠨ ᠤ ᠵᠡᠭᠦᠨ ᠬᠤᠶᠢᠲᠤ ᠣᠷᠣᠨ ᠤ ᠭᠤᠤᠯ ᠲᠠᠷᠢᠮᠠᠯ ᠤᠨ ᠤᠷᠭᠤᠴᠠ ᠶᠢᠨ ᠪᠠᠶᠢᠳᠠᠯ ᠢ ᠭᠤᠤᠯᠳᠠᠯᠭ᠎ᠠ ᠲᠠᠢ ᠡᠵᠡᠮᠰᠢᠵᠦ᠂ ᠡᠷᠳᠡᠨᠢ ᠰᠢᠰᠢ ᠵᠡᠷᠭᠡ ᠶᠡᠭᠡ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠵᠢᠯᠣᠭᠤᠳᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠣᠨ ᠨᠤᠲᠤᠭ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠪᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠵᠡᠷᠭᠡ ᠶᠢ ᠣᠶᠢᠯᠠᠭᠠᠵᠤ᠂ 7 ᠰᠠᠷ᠎ᠠ ᠶᠢᠨ 23 ᠤ ᠡᠳᠦᠷ᠂ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠲᠡᠷᠢᠭᠦᠨ ᠲᠤᠰᠬᠠᠶ ᠮᠡᠷᠭᠡᠵᠢᠯᠲᠡᠨ ᠳ᠋ᠦ᠋ ᠰᠧᠨ᠂ ᠪᠣᠷᠲᠣᠭᠤᠷ ᠤᠨ ᠮᠡᠷᠭᠡᠵᠢᠯ ᠤᠨ ᠭᠠᠵᠠᠷ ᠤᠨ ᠲᠠᠷᠢᠶᠠᠯᠠᠩ ᠤᠨ ᠮᠡᠷᠭᠡᠵᠢᠯᠲᠡᠨ ᠬᠤ᠋ ᠵᠢᠶᠠᠩ ᠫᠧᠩ ᠵᠡᠷᠭᠡ ᠬᠥᠮᠦᠰ ᠮᠠᠨ ᠤ ᠬᠤᠰᠢᠭᠤᠨ ᠳᠤ ᠢᠷᠡᠵᠦ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠤᠯᠬᠤ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ ᠠᠵᠢᠯ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠵᠦ ᠢᠦᠶ ᠴᠧᠩ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ  ᠾᠦᠢ ᠵᠥᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠢᠩ ᡁᠢ ᠮᠢᠨ ᠨᠡᠷ ᠪᠠᠷ᠎ᠠ ᠪᠣᠯᠪᠠ᠃    ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠤᠷᠢᠳ ᠬᠤᠵᠢᠳ ᠭᠤᠷᠪᠠᠨᠬᠤᠸᠠ ᠪᠠᠯᠭᠠᠰᠤᠨ ᠤ ᠭᠤᠷᠪᠠᠨᠬᠤᠸᠠ ᠲᠣᠰᠬᠤᠨ᠂ ᠬᠤᠸᠠᠩ ᠶᠠᠩ ᠸᠠ ᠪᠠᠯᠭᠠᠰᠤᠨ ᠤ ᠬᠤᠸᠠᠩ ᠶᠠᠩ ᠸᠠ ᠲᠣᠰᠬᠤᠨ ᠤ ᠨᠠᠷᠢᠮᠤ ᠪᠠ ᠡᠷᠳᠡᠨᠢ ᠰᠢᠰᠢ ᠶᠢᠨ ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠮᠠᠨ ᠤ ᠬᠤᠰᠢᠭᠤᠨ ᠤ ᠨᠠᠷᠢᠮᠤ᠂ ᠡᠷᠳᠡᠨᠢ ᠰᠢᠰᠢ ᠵᠡᠷᠭᠡ ᠭᠤᠤᠯ ᠲᠠᠷᠢᠮᠠᠯ ᠤᠨ ᠤᠷᠭᠤᠴᠠ ᠶᠢᠨ ᠪᠠᠶᠢᠳᠠᠯ ᠪᠠ ᠪᠣᠷᠲᠣᠭᠤᠷ᠂ ᠡᠷᠳᠡᠨᠢ ᠰᠢᠰᠢ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠮᠠᠨ ᠤ ᠬᠤᠰᠢᠭᠤᠨ ᠤ ᠡᠷᠳᠡᠨᠢ ᠰᠢᠰᠢ ᠶᠢ ᠨᠢᠭᠲᠠ ᠳᠠᠷᠢᠵᠤ ᠤᠷᠭᠤᠭᠤᠯᠬᠤ ᠮᠡᠷᠭᠡᠵᠢᠯ ᠤᠨ ᠳᠡᠯᠭᠡᠷᠡᠭᠦᠯᠦᠯᠲᠡ ᠪᠠ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠬᠠᠶ ᠵᠢᠭᠠᠨ ᠵᠢᠯᠣᠭᠤᠳᠪᠠ᠃    ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠳᠠᠷᠠᠭ᠎ᠠ ᠭᠦᠸᠧ ᠸᠧᠶ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠳᠤ ᠶᠠᠷᠢᠯᠴᠠᠬᠤ ᠬᠤᠷᠠᠯ ᠬᠢᠪᠠ᠃ ᠬᠤᠷᠠᠯ ᠳᠡᠭᠡᠷ᠎ᠡ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠲᠠᠷᠢᠮᠠᠯ ᠤᠨ ᠦᠢᠯᠡᠰ ᠢ ᠥᠷᠨᠢᠭᠦᠯᠦᠭᠰᠡᠨ ᠬᠠᠮᠢᠶ᠎ᠠ ᠪᠥᠬᠦᠶ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ᠂ ᠣᠳᠣᠬᠠᠨ ᠳᠤ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠵᠠᠩᠭᠢᠯᠠᠭ᠎ᠠ ᠶᠢᠨ ᠴᠠᠭ ᠦᠶ᠎ᠡ ᠮᠥᠨ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠮᠡᠷᠭᠡᠵᠢᠯ ᠤᠨ ᠵᠢᠯᠣᠭᠤᠳᠣᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠰᠡᠷᠡᠮᠵᠢᠯᠡᠭᠦᠯᠦᠯ ᠢ ᠴᠢᠩᠭᠠᠳᠬᠠᠨ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠰᠠᠨᠠᠭᠠᠴᠢᠯᠠᠭᠠᠲᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠦ ᠵᠢᠭᠠᠨ ᠭᠠᠷᠭᠠᠪᠠ᠃    ᠪᠥᠬᠦ ᠬᠤᠰᠢᠭᠤᠨ ᠤ ᠠᠮᠤ ᠪᠤᠳᠠᠭᠠᠨ ᠤ ᠠᠶᠤᠯᠭᠦᠶ ᠦᠢᠯᠡᠳᠪᠦᠷᠢᠯᠡᠯ ᠢ ᠪᠠᠲᠤᠯᠠᠬᠤ ᠶᠢᠨ ᠲᠥᠯᠥᠭᠡ᠂ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠡᠳ᠋ ᠪᠣᠳᠠᠰ ᠢ ᠡᠷᠲᠡ ᠪᠡᠯᠡᠳᠬᠡᠬᠦ᠂ ᠬᠢᠨᠠᠨ ᠬᠠᠮᠢᠶᠠᠷᠴᠤ ᠡᠷᠲᠡ ᠲᠣᠭᠤᠷᠢᠨ ᠪᠠᠶᠢᠴᠠᠭᠠᠬᠤ᠂ ᠮᠡᠷᠭᠡᠵᠢᠯ ᠢ ᠡᠷᠲᠡ ᠪᠣᠯᠪᠠᠰᠤᠷᠠᠭᠤᠯᠬᠤ᠂ ᠰᠠᠭᠤᠷᠢᠨ ᠭᠠᠵᠠᠷ ᠲᠤ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠬᠤ ᠶᠢᠨ ᠬᠠᠮᠲᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠵᠢᠱᠢᠶ᠎ᠡ ᠦᠵᠡᠭᠦᠯᠬᠦ ᠲᠠᠷᠢᠶᠠᠨ  ᠭᠠᠵᠠᠷ  ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠰᠠᠭᠤᠷᠢ ᠶᠢ ᠪᠠᠬᠢᠵᠢᠭᠦᠯᠪᠡ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭ᠎ᠠ ᠠᠳᠬᠤᠨ ᠰᠠᠶᠢᠲᠤᠷ ᠠᠳᠬᠤᠵᠤ᠂ ᠥᠨᠳᠥᠷ ᠳᠤᠯᠠᠭᠠᠨ ᠢ ᠰᠡᠷᠭᠡᠶᠢᠯᠡᠬᠦ᠂ ᠭᠠᠩ ᠬᠠᠭᠰᠠᠷᠠᠭᠠᠨ ᠢ ᠰᠡᠷᠭᠡᠶᠢᠯᠡᠬᠦ ᠂ ᠤᠰᠤᠲᠤᠯ ᠢ ᠰᠡᠷᠭᠡᠶᠢᠯᠡᠬᠦ᠂ ᠡᠷᠲᠡ ᠪᠠᠭᠤᠷᠠᠬᠤ ᠶᠢ ᠰᠡᠷᠭᠡᠶᠢᠯᠡᠬᠦ ᠵᠡᠷᠭᠡ ᠠᠷᠭᠠᠴᠠᠬᠤ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠪᠠᠷ ᠬᠦᠴᠦᠯᠡᠨ ᠴᠢᠷᠮᠠᠶᠢᠨ᠎ᠠ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号