ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/24
    7 ᠰᠠᠷ᠎ᠠ ᠶᠢᠨ 18 ᠤ ᠡᠳᠦᠷ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠵᠢᠴᠢ ᠫᠠᠶᠢᠰᠠ ᠡᠯᠭᠦᠨ ᠬᠢᠨᠠᠨ ᠰᠢᠯᠭᠠᠵᠤ ᠦᠨᠡᠯᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠪᠠ᠃ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠲᠠᠶᠢᠯᠪᠤᠷᠢᠯᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠫᠠᠶᠢᠰᠠ ᠡᠯᠭᠦᠨ  ᠱᠠᠯᠠᠪᠳᠠᠭᠤᠯᠤᠨ  ᠭᠦᠢᠴᠡᠳᠭᠡᠭᠰᠡᠨ ᠠᠰᠠᠭᠤᠳᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠢᠴᠢ ᠪᠤᠰᠤᠳ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠡᠨᠡ ᠵᠢᠯ ᠠᠴᠠ ᠨᠠᠰᠢ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠬᠤᠷᠢᠭ᠎ᠠ ᠱᠤᠭᠤᠮ ᠢ ᠰᠠᠬᠢᠬᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠥᠭᠵᠢᠯᠲᠡ ᠶᠢ ᠠᠬᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠠᠮᠢᠶ᠎ᠠ ᠪᠥᠬᠦᠶ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ ᠬᠤᠶᠠᠳᠤᠭᠠᠷ ᠤᠯᠠᠷᠢᠯ ᠳᠤ 1545 ᠡᠷᠦᠬᠡ ᠶᠢᠨ 3265 ᠬᠥᠮᠦᠨ ᠢ  ᠠᠶᠤᠯ ᠠᠴᠠ ᠠᠷᠢᠯᠭᠠᠬᠤ ᠶᠢ ᠬᠢᠨᠠᠨ ᠬᠡᠮᠵᠢᠵᠦ᠂ ᠡᠭᠦᠨ ᠳᠤ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ 534 ᠡᠷᠦᠬᠡ ᠶᠢᠨ 1110 ᠬᠥᠮᠦᠨ᠂ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯ ᠲᠠᠢ ᠡᠷᠦᠬᠡ 840 ᠡᠷᠦᠬᠡ ᠶᠢᠨ 1795 ᠬᠥᠮᠦᠨ᠂ ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ 171 ᠡᠷᠦᠬᠡ ᠶᠢᠨ 360 ᠬᠥᠮᠦᠨ ᠪᠣᠶ᠃    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠤᠬᠠᠨ ᠬᠤᠰᠢᠭᠤᠨ ᠤ ᠬᠢᠨᠠᠨ ᠬᠡᠮᠵᠢᠭᠰᠡᠨ ᠡᠲᠡᠭᠡᠳ ᠢ ᠬᠤᠶᠠᠷ ᠵᠢᠯ ᠠᠴᠠ ᠳᠡᠭᠡᠭᠰᠢ ᠢᠯᠭᠠᠨ ᠲᠠᠨᠢᠬᠤ ᠮᠥᠷᠲᠡᠭᠡᠨ ᠡᠷᠦᠬᠡ ᠶᠢᠨ ᠳᠣᠲᠣᠷᠠᠬᠢ ᠬᠥᠳᠡᠯᠮᠦᠷᠢ ᠬᠦᠴᠦᠨ ᠲᠠᠢ ᠠᠶᠤᠯ ᠲᠦᠭᠰᠢᠭᠦᠷᠢ ᠶᠢ ᠠᠷᠢᠯᠭᠠᠭᠰᠠᠨ ᠥᠬᠡᠶ ᠡᠷᠦᠬᠡ ᠶᠢᠨ ᠲᠤᠭ᠎ᠠ ᠣᠯᠠᠨ ᠪᠠᠶᠢᠬᠤ ᠠᠰᠠᠭᠤᠳᠠᠯ ᠢ ᠲᠤᠰᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾᠂ ︽ᠠᠤᠬᠠᠨ ᠬᠤᠰᠢᠭᠤᠨ ᠤ 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠵᠡᠷᠭᠡ ᠬᠡᠷᠡᠭᠵᠢᠭᠦᠯᠬᠦ ᠲᠥᠰᠦᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠰᠢᠶᠠᠩ ᠪᠠᠯᠭᠠᠰᠤ᠂ ᠬᠤᠰᠢᠭᠤᠨ ᠱᠠᠲᠤᠨ ᠤ ᠤᠳᠤᠷᠢᠳᠤᠯᠭ᠎ᠠ ᠵᠠᠰᠠᠭ ᠵᠠᠬᠢᠷᠭᠠᠨ ᠤ ᠲᠣᠰᠬᠤᠨ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ  ᠪᠠᠲᠤᠯᠠᠨ᠎ᠠ᠃    ᠨᠠᠷᠢᠯᠢᠭ ᠲᠠᠷᠢᠵᠤ ᠨᠢᠮᠪᠠᠢ ᠠᠷᠠᠴᠢᠯᠠᠬᠤ ᠶᠢ ᠪᠠᠷᠢᠮᠲᠠᠯᠠᠵᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠣᠷᠣᠯᠭ᠎ᠠ ᠪᠠᠨ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠴᠢᠩᠭᠠᠳᠬᠠᠵᠤ᠂ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠢᠳᠡᠪᠬᠢᠲᠡᠢ ᠬᠡᠷᠡᠭᠯᠡᠵᠦ ᠂ ᠠᠵᠤ ᠦᠢᠯᠡᠰ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠷᠦᠬᠡ ᠳᠤ ᠬᠦᠷᠦᠭᠰᠡᠨ ᠠᠵᠤ ᠦᠢᠯᠡᠰ ᠢ ᠭᠦᠨᠵᠡᠭᠡᠶ ᠬᠥᠭᠵᠢᠭᠦᠯᠬᠦ ᠪᠠᠷ ᠳᠠᠮᠵᠢᠭᠤᠯᠤᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠴᠠᠯᠢᠩ ᠤᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ᠂ ᠬᠡᠷᠡᠯ ᠴᠡᠨᠡᠭ ᠤᠨ ᠠᠰᠢᠭ ᠣᠷᠣᠯᠭ᠎ᠠ ᠶᠢᠨ ᠮᠥᠩᠭᠦ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠰᠢᠯᠵᠢᠯᠲᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠶᠢ ᠰᠡᠷᠭᠡᠶᠢᠯᠡᠬᠦ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ ᠳᠠᠭᠠᠳᠬᠠᠯ ᠤᠨ ᠲᠥᠯᠥᠪᠦᠷᠢ ᠶᠢᠨ ᠣᠷᠣᠯᠭ᠎ᠠ ᠶᠢ ᠨᠡᠮᠡᠭᠳᠡᠭᠦᠯᠬᠦ ᠵᠡᠷᠭᠡ ᠶᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃    ᠣᠨᠴᠠᠯᠢᠭᠲᠤ ᠠᠵᠤ ᠦᠢᠯᠡᠰ ᠯᠦᠭᠡ ᠨᠢᠭᠲᠠ ᠤᠶᠠᠯᠳᠤᠭᠤᠯᠤᠨ᠂ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠪᠥᠬᠦ ᠬᠤᠰᠢᠭᠤᠨ ᠤ ᠨᠠᠷᠢᠮᠤ᠂  ᠢᠳᠡᠰᠢᠨ ᠦᠬᠡᠷ᠂ ᠲᠦᠬᠦᠭᠡᠷᠦᠮᠵᠢᠲᠦ ᠲᠠᠷᠢᠶᠠᠯᠠᠩ ᠵᠡᠷᠭᠡ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠪᠡᠶᠡᠯᠡᠭᠦᠯᠵᠦ᠂ ᠵᠣᠯᠭᠠᠭᠤᠯᠬᠤ ᠪᠠᠯᠠ ᠮᠥᠩᠭᠦ ᠶᠢ ᠰᠠᠶᠢᠲᠤᠷ ᠬᠡᠷᠡᠭᠯᠡᠬᠦ ᠪᠠᠷ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂  ᠠᠷᠠᠯᠵᠢᠶᠠᠴᠢᠨ ᠤᠷᠢᠵᠤ ᠪᠠᠯᠠ ᠲᠠᠲᠠᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠰᠤᠯᠠ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠵᠤ᠂ ᠣᠲᠣ ᠪᠣᠯᠲᠠᠯ᠎ᠠ᠂ ᠤᠷᠢᠳ ᠬᠤᠵᠢᠳ ᠸᠠᠨ ᠵᠢᠶᠠ ᠮᠥᠭᠦ ᠶᠢᠨ ᠦᠢᠯᠡᠰ᠂ ᠮᠣᠳᠤᠨ ᠠᠶᠢᠯ ᠤᠨ ᠴᠢᠩ ᠱᠠᠨ ᠲᠣᠰᠬᠤᠨ ᠤ ᠲᠦᠬᠦᠭᠡᠷᠦᠮᠵᠢᠲᠦ ᠲᠠᠷᠢᠶᠠᠯᠠᠩ ᠤᠨ ᠵᠢᠵᠢᠭ ᠲᠣᠭᠤᠷᠢᠭ᠂ ᠥᠪᠥᠷ ᠮᠣᠩᠭᠤᠯ ᠤᠨ ᠵᠢᠶ ᠤᠣ ᠮᠠᠯ ᠠᠵᠤ ᠠᠬᠤᠶ ᠵᠡᠷᠭᠡ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠬᠥᠲᠥᠯᠦᠨ ᠵᠢᠯᠣᠭᠤᠳᠴᠤ᠂ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号