ᠤᠯᠠᠭᠠᠨᠬᠠᠳᠠ ᠶᠢᠨ ᠵᠢᠢ ᠯᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠤᠬᠠᠨ ᠬᠤᠰᠢᠭᠤᠨ ᠤ ᠵᠤᠸᠠᠨ ᠱᠠᠨ ᠽᠢ ᠠᠯᠲᠠᠨ ᠤ ᠠᠭᠤᠷᠬᠠᠢ ᠶᠢᠨ 6 ᠲᠦᠮᠡᠨ ᠲᠣᠨ / ᠵᠢᠯ ᠭᠠᠵᠠᠷ ᠳᠣᠣᠷᠠᠬᠢ ᠨᠡᠭᠡᠭᠡᠨ ᠮᠠᠯᠲᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨᠠᠨ  ᠳᠣᠭᠲᠠᠭᠠᠯᠲᠠ ᠶᠢ ᠳᠠᠮᠵᠢᠭᠰᠠᠨ ᠪᠠᠶᠢᠨ᠎ᠠ
ᠨᠡᠶᠢᠲᠡᠯᠡᠭᠰᠡᠨ ᠴᠠᠭ᠄
2024/7/24
    2024 ᠣᠨ ᠤ 7 ᠰᠠᠷ᠎ᠠ ᠶᠢᠨ 18 ᠤ ᠡᠳᠦᠷ᠂ ᠤᠯᠠᠭᠠᠨᠬᠠᠳᠠ ᠶᠢᠨ ᠵᠢᠢ ᠯᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠤᠬᠠᠨ ᠬᠤᠰᠢᠭᠤᠨ ᠤ ᠵᠤᠸᠠᠨ ᠱᠠᠨ ᠽᠢ ᠠᠯᠲᠠᠨ ᠤ ᠠᠭᠤᠷᠬᠠᠢ ᠶᠢᠨ 6 ᠲᠦᠮᠡᠨ ᠲᠣᠨ / ᠵᠢᠯ  ᠭᠠᠵᠠᠷ ᠳᠣᠣᠷᠠᠬᠢ ᠨᠡᠭᠡᠭᠡᠨ ᠮᠠᠯᠲᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ ᠤᠷᠤᠭᠰᠢᠲᠠᠶ ᠬᠢᠨᠠᠨ  ᠳᠣᠭᠲᠠᠭᠠᠯᠲᠠ ᠶᠢ ᠳᠠᠮᠵᠢᠭᠰᠠᠨ ᠪᠠᠶᠢᠨ᠎ᠠ ᠂ ᠲᠤᠰᠬᠠᠶ ᠮᠡᠷᠭᠡᠵᠢᠯᠲᠡᠨ ᠤ ᠳᠤᠭᠤᠶᠢᠯᠠᠩ  ᠤᠨ ᠬᠢᠨ ᠡᠭᠦᠨ ᠤ ᠬᠠᠮᠲᠤ ᠠᠵᠤ ᠠᠬᠤᠶᠢᠯᠠᠯ ᠤᠨ ᠪᠡᠯᠡᠳᠬᠡᠯ ᠠᠵᠢᠯ ᠢ ᠭᠦᠢᠴᠡᠳ ᠨᠤᠲᠠᠯᠠᠪᠠ᠃    ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠨᠢ ᠠᠤᠬᠠᠨ ᠬᠤᠰᠢᠭᠤᠨ ᠤ ᠰᠧ ᠳ᠋ᠣᠣ  ᠸᠠᠨ ᠽᠢ ᠪᠠᠯᠭᠠᠰᠤᠨ ᠳᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 13775.05 ᠲᠦᠮᠡᠨ ᠲᠥᠭᠦᠷᠢᠭ ᠪᠠᠶᠢᠵᠤ᠂ ᠠᠭᠤᠷᠬᠠᠢ ᠶᠢᠨ ᠣᠷᠣᠨ ᠤ ᠲᠠᠯᠠᠪᠠᠢ ᠨᠢ ᠪᠠᠷᠤᠭ 5.40 ᠾᠧᠺᠲ᠋ᠠᠷ ᠪᠠᠶᠢᠨ᠎ᠠ᠃ ᠭᠠᠵᠠᠷ ᠳᠣᠣᠷ᠎ᠠ ᠠᠴᠠ ᠨᠡᠭᠡᠭᠡᠨ ᠮᠠᠯᠲᠠᠬᠤ ᠠᠷᠭ᠎ᠠ ᠪᠠᠷ ᠵᠢᠯ ᠳᠤ 6 ᠲᠦᠮᠡᠨ ᠲᠣᠨ ᠦᠢᠯᠡᠳᠪᠦᠷᠢᠯᠡᠵᠦ  ᠪᠣᠯᠤᠨ᠎ᠠ᠃ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠨᠢ ᠠᠭᠤᠷᠬᠠᠶ ᠮᠠᠯᠲᠠᠬᠤ ᠬᠤᠳᠳᠤᠭ ᠪᠠ ᠠᠵᠤ ᠦᠢᠯᠡᠳᠪᠦᠷᠢ ᠶᠢᠨ ᠲᠠᠯᠠᠪᠤᠷ ᠲᠥᠬᠦᠭᠡᠷᠦᠮᠵᠢ ᠵᠢᠴᠢ ᠠᠯᠪᠠᠨ ᠪᠠ ᠲᠤᠰᠠᠯᠠᠬᠤ ᠲᠥᠬᠦᠭᠡᠷᠦᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃    ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ ᠵᠢᠯ ᠳᠤᠮᠳᠠᠴᠢ ᠶᠢᠨ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶ ᠲᠤᠭ᠎ᠠ 8761.13 ᠲᠦᠮᠡᠨ ᠲᠥᠭᠦᠷᠢᠭ ᠬᠦᠷᠴᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 8122.83 ᠲᠦᠮᠡᠨ ᠲᠥᠭᠦᠷᠢᠭ ᠬᠦᠷᠴᠦ᠂ ᠭᠠᠶᠢᠯᠢ ᠲᠤᠰᠢᠶᠠᠭᠰᠠᠨ ᠤ ᠳᠠᠷᠠᠭᠠᠬᠢ ᠠᠰᠢᠭ ᠬᠤᠨᠵᠢᠪᠤᠷᠢ ᠨᠢ ᠵᠢᠯ ᠳᠤ 6092.12 ᠲᠦᠮᠡᠨ ᠲᠥᠭᠦᠷᠢᠭ ᠬᠦᠷᠴᠦ᠂ ᠵᠢᠱᠢᠯᠲᠡ ᠪᠠᠷ 210 ᠠᠵᠢᠯ ᠤᠨ ᠪᠠᠶᠢᠷᠢ ᠬᠠᠩᠭᠠᠬᠤ ᠪᠣᠯᠤᠨ᠎ᠠ᠃ ᠣᠳᠣᠬᠠᠨ ᠳᠤ᠂ ᠦᠢᠯᠡᠳᠬᠦᠨ ᠤ ᠵᠠᠬ᠎ᠠ ᠳᠡᠯᠭᠡᠭᠦᠷ ᠤᠨ ᠢᠷᠡᠭᠡᠳᠦᠢ ᠰᠠᠶᠢᠨ᠂ ᠠᠵᠤ ᠠᠬᠤᠶᠢᠯᠠᠯ ᠤᠨ ᠦᠷ᠎ᠡ ᠠᠰᠢᠭ ᠪᠠᠶᠠᠰᠤᠩᠭᠤᠢ᠂ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠨᠡᠮᠡᠭᠳᠡᠭᠦᠯᠵᠦ᠂ ᠠᠵᠤ ᠦᠢᠯᠡᠰ ᠤᠨ ᠪᠦᠲᠦᠴᠡ ᠶᠢ ᠪᠠᠶᠠᠯᠢᠭᠵᠢᠭᠤᠯᠤᠨ᠎ᠠ᠃ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠭᠠᠵᠠᠷ ᠣᠷᠣᠨ ᠤ ᠬᠠᠮᠢᠶ᠎ᠠ ᠪᠥᠬᠦᠶ ᠠᠵᠤ  ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠵᠤ᠂ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ ᠡᠳ᠋ ᠤᠨ ᠵᠠᠰᠠᠭ ᠤᠨ ᠣᠷᠣᠯᠭ᠎ᠠ ᠶᠢ ᠳᠡᠭᠡᠭᠰᠢᠯᠡᠭᠦᠯᠦᠨ᠂ ᠣᠷᠣᠨ ᠨᠤᠲᠤᠭ ᠤᠨ ᠠᠵᠤ ᠠᠬᠤᠶ ᠳᠤ ᠬᠦᠴᠦᠨ  ᠨᠡᠮᠡᠷᠢᠯᠡᠬᠦ ᠪᠣᠯᠤᠨ᠎ᠠ᠃    ᠬᠢᠨᠠᠨ ᠲᠣᠭᠲᠠᠭᠠᠬᠤ ᠶᠠᠪᠤᠴᠠ ᠳᠤ᠂ ᠬᠢᠨᠠᠨ ᠲᠣᠭᠲᠠᠭᠠᠬᠤ ᠪᠦᠯᠬᠦᠮ ᠤᠨ ᠲᠤᠰᠬᠠᠶ ᠮᠡᠷᠭᠡᠵᠢᠯᠲᠡᠨ ᠠᠴᠠ ᠲᠥᠷᠥᠯ ᠵᠦᠢᠯ ᠤᠨ ᠭᠠᠷ ᠤᠷᠠᠯᠠᠯ ᠤᠨ ᠴᠤᠪᠤᠷᠠᠯ ᠪᠠ ᠠᠯᠪᠠᠨ ᠪᠠ ᠲᠤᠰᠠᠯᠠᠬᠤ ᠲᠥᠬᠦᠭᠡᠷᠦᠮᠵᠢ ᠶᠢ ᠴᠢᠩᠭ᠎ᠠ ᠨᠢᠮᠪᠠᠶ ᠬᠢᠨᠠᠨ ᠪᠠᠶᠢᠴᠠᠭᠠᠵᠤ᠂ ︽ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ︾᠂ ︽ᠲᠤᠬᠠᠶ ᠶᠢᠨ ᠲᠠᠯᠠᠪᠠᠶ ᠶᠢᠨ  ᠪᠠᠷᠢᠮᠵᠢᠶᠠᠵᠢᠭᠤᠯᠤᠯᠲᠠ︾᠂ ︽ᠠᠵᠢᠯᠯᠠᠭᠠᠨ ᠤ ᠪᠠᠷᠢᠮᠵᠢᠶᠠᠵᠢᠭᠤᠯᠤᠯᠲᠠ︾ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨᠴᠢ ᠪᠥᠭᠡᠳ ᠪᠤᠰᠤᠳᠴᠢ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠬᠢᠵᠦ᠂ ᠠᠭᠤᠷᠬᠠᠶ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠠᠪᠤᠭᠰᠠᠨ ᠪᠦᠲᠦᠮᠵᠢᠲᠡᠶ ᠠᠷᠭ᠎ᠠ ᠬᠡᠮᠵᠢᠶ᠎ᠡ ᠪᠠ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃    ᠬᠤᠷᠠᠯ ᠤᠨ ᠳᠠᠷᠠᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠠᠷᠠᠭᠠᠴᠢ ᠶᠢᠨ ᠠᠯᠬᠤᠮ ᠤᠨ ᠠᠵᠢᠯ ᠳᠤ᠄ ᠨᠢᠭᠡ ᠳᠤ᠂ ᠨᠠᠶᠢᠷᠠᠭᠤᠯᠤᠨ ᠵᠣᠬᠢᠶᠠᠬᠤ ᠨᠢᠭᠡᠴᠡ ᠲᠤᠰᠬᠠᠶ ᠮᠡᠷᠭᠡᠵᠢᠯᠲᠡᠨ ᠤ ᠰᠠᠨᠠᠯ ᠢ ᠴᠢᠩᠭ᠎ᠠ ᠵᠢᠷᠤᠮᠯᠠᠨ ᠭᠤᠶᠤᠴᠢᠯᠠᠯ ᠤᠨ ᠮᠡᠳᠡᠭᠦᠯᠦᠯᠲᠡ ᠳᠡᠭᠡᠨ ᠵᠠᠰᠠᠪᠤᠷᠢ ᠣᠷᠣᠭᠤᠯᠵᠤ᠂ ᠲᠠᠰ ᠳᠠᠷᠠᠭᠠᠯᠠᠯ ᠶᠣᠰᠣᠭᠠᠷ ᠮᠡᠳᠡᠭᠦᠯᠦᠨ  ᠳᠠᠩᠰᠠᠯᠠᠭᠤᠯᠬᠤ ᠬᠡᠷᠡᠭᠲᠡᠢ᠃ ᠬᠤᠶᠠᠷ ᠲᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠷᠥᠯ ᠵᠦᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠲᠣᠰ ᠤᠳᠠᠭᠠᠨ ᠤ ᠬᠢᠨᠠᠨ ᠲᠣᠭᠲᠠᠭᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠭᠤᠷᠬᠠᠶ ᠮᠠᠯᠲᠠᠬᠤ ᠡᠷᠬᠡᠲᠦ ᠬᠥᠮᠦᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠠᠨ ᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ  ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号