| ᠣᠳᠣᠬᠠᠨ ᠳᠤ᠂ ᠨᠠᠮᠤᠷ ᠤᠨ ᠠᠮᠤ ᠪᠤᠳᠠᠭᠠᠨ ᠤ ᠤᠨᠠᠯᠲᠠ ᠪᠦᠷᠢᠯᠳᠦᠬᠦ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠵᠤ᠂ ᠣᠳᠣᠬᠠᠨ ᠤ ᠵᠡᠭᠦᠨ ᠬᠤᠶᠢᠲᠤ ᠣᠷᠣᠨ ᠤ ᠭᠤᠤᠯ ᠲᠠᠷᠢᠮᠠᠯ ᠤᠨ ᠤᠷᠭᠤᠴᠠ ᠶᠢᠨ ᠪᠠᠶᠢᠳᠠᠯ ᠢ | ᠭᠤᠤᠯᠳᠠᠯᠭ᠎ᠠ ᠲᠠᠢ ᠡᠵᠡᠮᠰᠢᠵᠦ᠂ ᠡᠷᠳᠡᠨᠢ ᠰᠢᠰᠢ ᠵᠡᠷᠭᠡ ᠶᠡᠭᠡ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠵᠢᠯᠣᠭᠤᠳᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠣᠨ | ᠨᠤᠲᠤᠭ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠪᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠵᠡᠷᠭᠡ ᠶᠢ | ᠣᠶᠢᠯᠠᠭᠠᠵᠤ᠂ 7 ᠰᠠᠷ᠎ᠠ ᠶᠢᠨ 23 ᠤ ᠡᠳᠦᠷ᠂ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ | ᠲᠡᠷᠢᠭᠦᠨ ᠲᠤᠰᠬᠠᠶ ᠮᠡᠷᠭᠡᠵᠢᠯᠲᠡᠨ ᠳ᠋ᠦ᠋ ᠰᠧᠨ᠂ ᠪᠣᠷᠲᠣᠭᠤᠷ ᠤᠨ ᠮᠡᠷᠭᠡᠵᠢᠯ ᠤᠨ ᠭᠠᠵᠠᠷ ᠤᠨ ᠲᠠᠷᠢᠶᠠᠯᠠᠩ ᠤᠨ | ᠮᠡᠷᠭᠡᠵᠢᠯᠲᠡᠨ ᠬᠤ᠋ ᠵᠢᠶᠠᠩ ᠫᠧᠩ ᠵᠡᠷᠭᠡ ᠬᠥᠮᠦᠰ ᠮᠠᠨ ᠤ ᠬᠤᠰᠢᠭᠤᠨ ᠳᠤ ᠢᠷᠡᠵᠦ ᠨᠠᠮᠤᠷ ᠤᠨ ᠠᠮᠤ ᠪᠤᠳᠠᠭᠠᠨ ᠤ | ᠡᠯᠪᠡᠭ ᠬᠤᠷᠢᠶᠠᠯᠲᠠ ᠶᠢ ᠲᠡᠮᠡᠴᠡᠨ ᠤᠯᠬᠤ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ ᠠᠵᠢᠯ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ | ᠡᠷᠬᠢᠯᠡᠭᠴᠢ ᠵᠦ ᠢᠦᠶ ᠴᠧᠩ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ | ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ ᠾᠦᠢ ᠵᠥᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠶᠢᠨ ᠳᠡᠳ᠋ ᠳᠠᠷᠤᠭ᠎ᠠ ᠵᠢᠩ ᡁᠢ ᠮᠢᠨ ᠨᠡᠷ ᠪᠠᠷ᠎ᠠ ᠪᠣᠯᠪᠠ᠃ | ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠤᠷᠢᠳ ᠬᠤᠵᠢᠳ ᠭᠤᠷᠪᠠᠨᠬᠤᠸᠠ ᠪᠠᠯᠭᠠᠰᠤᠨ ᠤ | ᠭᠤᠷᠪᠠᠨᠬᠤᠸᠠ ᠲᠣᠰᠬᠤᠨ᠂ ᠬᠤᠸᠠᠩ ᠶᠠᠩ ᠸᠠ ᠪᠠᠯᠭᠠᠰᠤᠨ ᠤ ᠬᠤᠸᠠᠩ ᠶᠠᠩ ᠸᠠ ᠲᠣᠰᠬᠤᠨ ᠤ ᠨᠠᠷᠢᠮᠤ ᠪᠠ | ᠡᠷᠳᠡᠨᠢ ᠰᠢᠰᠢ ᠶᠢᠨ ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠮᠠᠨ ᠤ ᠬᠤᠰᠢᠭᠤᠨ ᠤ ᠨᠠᠷᠢᠮᠤ᠂ | ᠡᠷᠳᠡᠨᠢ ᠰᠢᠰᠢ ᠵᠡᠷᠭᠡ ᠭᠤᠤᠯ ᠲᠠᠷᠢᠮᠠᠯ ᠤᠨ ᠤᠷᠭᠤᠴᠠ ᠶᠢᠨ ᠪᠠᠶᠢᠳᠠᠯ ᠪᠠ ᠪᠣᠷᠲᠣᠭᠤᠷ᠂ ᠡᠷᠳᠡᠨᠢ ᠰᠢᠰᠢ ᠵᠡᠷᠭᠡ | ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠮᠠᠨ ᠤ | ᠬᠤᠰᠢᠭᠤᠨ ᠤ ᠡᠷᠳᠡᠨᠢ ᠰᠢᠰᠢ ᠶᠢ ᠨᠢᠭᠲᠠ ᠳᠠᠷᠢᠵᠤ ᠤᠷᠭᠤᠭᠤᠯᠬᠤ ᠮᠡᠷᠭᠡᠵᠢᠯ ᠤᠨ ᠳᠡᠯᠭᠡᠷᠡᠭᠦᠯᠦᠯᠲᠡ ᠪᠠ ᠲᠠᠯᠠᠪᠠᠶ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠬᠠᠶ ᠵᠢᠭᠠᠨ ᠵᠢᠯᠣᠭᠤᠳᠪᠠ᠃ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠳᠠᠷᠠᠭ᠎ᠠ ᠭᠦᠸᠧ ᠸᠧᠶ ᠬᠡᠷ | ᠪᠦᠯᠢ ᠶᠢᠨ ᠲᠠᠷᠢᠶᠠᠯᠠᠩ ᠤᠨ ᠲᠠᠯᠠᠪᠠᠶ ᠳᠤ ᠶᠠᠷᠢᠯᠴᠠᠬᠤ ᠬᠤᠷᠠᠯ ᠬᠢᠪᠠ᠃ ᠬᠤᠷᠠᠯ ᠳᠡᠭᠡᠷ᠎ᠡ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠬᠢᠨ ᠮᠠᠨ ᠤ ᠬᠤᠰᠢᠭᠤᠨ ᠤ ᠲᠠᠷᠢᠮᠠᠯ ᠤᠨ ᠦᠢᠯᠡᠰ ᠢ ᠥᠷᠨᠢᠭᠦᠯᠦᠭᠰᠡᠨ ᠬᠠᠮᠢᠶ᠎ᠠ ᠪᠥᠬᠦᠶ ᠠᠵᠢᠯ ᠢ | ᠳᠡᠭᠡᠳᠦ ᠬᠡᠮᠵᠢᠶ᠎ᠡ ᠪᠠᠷ ᠨᠤᠲᠠᠯᠠᠵᠤ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ | ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ ᠲᠤᠰᠬᠠᠶ ᠮᠡᠷᠭᠡᠵᠢᠯᠲᠡᠨ ᠤ | ᠳᠤᠭᠤᠶᠢᠯᠠᠩ ᠠᠴᠠ᠂ ᠣᠳᠣᠬᠠᠨ ᠳᠤ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ | ᠵᠠᠩᠭᠢᠯᠠᠭ᠎ᠠ ᠶᠢᠨ ᠴᠠᠭ ᠦᠶ᠎ᠡ ᠮᠥᠨ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶ᠎ᠠ | ᠪᠥᠬᠦᠶ ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠮᠡᠷᠭᠡᠵᠢᠯ ᠤᠨ ᠵᠢᠯᠣᠭᠤᠳᠣᠯᠭ᠎ᠠ ᠪᠠ ᠪᠠᠴᠢᠮ ᠪᠠᠶᠢᠳᠠᠯ ᠢ | ᠠᠷᠭᠠᠴᠠᠭᠠᠬᠤ ᠰᠡᠷᠡᠮᠵᠢᠯᠡᠭᠦᠯᠦᠯ ᠢ ᠴᠢᠩᠭᠠᠳᠬᠠᠨ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠰᠠᠨᠠᠭᠠᠴᠢᠯᠠᠭᠠᠲᠤ ᠳᠠᠶᠢᠯᠠᠯᠳᠤᠭᠠᠨ ᠤ ᠢᠯᠠᠯᠲᠠ ᠶᠢ ᠣᠯᠵᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠦ ᠵᠢᠭᠠᠨ ᠭᠠᠷᠭᠠᠪᠠ᠃ | ᠪᠥᠬᠦ ᠬᠤᠰᠢᠭᠤᠨ ᠤ ᠠᠮᠤ ᠪᠤᠳᠠᠭᠠᠨ ᠤ ᠠᠶᠤᠯᠭᠦᠶ ᠦᠢᠯᠡᠳᠪᠦᠷᠢᠯᠡᠯ ᠢ ᠪᠠᠲᠤᠯᠠᠬᠤ ᠶᠢᠨ ᠲᠥᠯᠥᠭᠡ᠂ ᠬᠠᠪᠤᠷ ᠤᠨ | ᠲᠠᠷᠢᠶᠠᠯᠠᠭ᠎ᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠶ | ᠳᠠᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ | ᠰᠠᠶᠢᠲᠤᠷ ᠠᠳᠬᠤᠵᠤ᠂ ᠡᠳ᠋ ᠪᠣᠳᠠᠰ ᠢ ᠡᠷᠲᠡ ᠪᠡᠯᠡᠳᠬᠡᠬᠦ᠂ ᠬᠢᠨᠠᠨ ᠬᠠᠮᠢᠶᠠᠷᠴᠤ ᠡᠷᠲᠡ ᠲᠣᠭᠤᠷᠢᠨ ᠪᠠᠶᠢᠴᠠᠭᠠᠬᠤ᠂ | ᠮᠡᠷᠭᠡᠵᠢᠯ ᠢ ᠡᠷᠲᠡ ᠪᠣᠯᠪᠠᠰᠤᠷᠠᠭᠤᠯᠬᠤ᠂ ᠰᠠᠭᠤᠷᠢᠨ ᠭᠠᠵᠠᠷ ᠲᠤ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ | ᠢᠳᠡᠪᠬᠢᠲᠡᠶ ᠨᠠᠶᠢᠳᠠᠪᠤᠷᠢᠵᠢᠭᠤᠯᠬᠤ ᠶᠢᠨ ᠬᠠᠮᠲᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ | ᠲᠥᠷᠥᠯ ᠵᠦᠢᠯ ᠤᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ | ᠪᠠᠳᠠᠷᠠᠭᠤᠯᠤᠨ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ | ᠰᠠᠭᠤᠷᠢ ᠶᠢ ᠪᠠᠬᠢᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ | ᠴᠢᠩᠭ᠎ᠠ ᠠᠳᠬᠤᠨ ᠰᠠᠶᠢᠲᠤᠷ ᠠᠳᠬᠤᠵᠤ᠂ ᠥᠨᠳᠥᠷ ᠳᠤᠯᠠᠭᠠᠨ ᠢ ᠰᠡᠷᠭᠡᠶᠢᠯᠡᠬᠦ᠂ ᠭᠠᠩ ᠬᠠᠭᠰᠠᠷᠠᠭᠠᠨ ᠢ ᠰᠡᠷᠭᠡᠶᠢᠯᠡᠬᠦ ᠂ | ᠤᠰᠤᠲᠤᠯ ᠢ ᠰᠡᠷᠭᠡᠶᠢᠯᠡᠬᠦ᠂ ᠡᠷᠲᠡ ᠪᠠᠭᠤᠷᠠᠬᠤ ᠶᠢ ᠰᠡᠷᠭᠡᠶᠢᠯᠡᠬᠦ ᠵᠡᠷᠭᠡ ᠠᠷᠭᠠᠴᠠᠬᠤ ᠠᠵᠢᠯ ᠢ ᠰᠠᠶᠢᠲᠤᠷ ᠬᠢᠵᠦ᠂ | ᠡᠯ᠎ᠡ ᠲᠥᠷᠥᠯ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ | ᠵᠢᠯᠣᠭᠤᠳᠬᠤ ᠪᠠᠨ ᠴᠢᠩᠭᠠᠳᠬᠠᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠪᠠᠷ ᠬᠦᠴᠦᠯᠡᠨ ᠴᠢᠷᠮᠠᠶᠢᠨ᠎ᠠ ᠭᠡᠪᠡ᠃ | | |