ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠥᠨᠢ ᠶᠢᠨ ᠵᠠᠬ᠎ᠠ ᠳᠡᠯᠭᠡᠭᠦᠷ ᠤᠨ  ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/25
    ᠰᠥᠨᠢ ᠶᠢᠨ ᠵᠠᠬ᠎ᠠ ᠳᠡᠯᠭᠡᠭᠦᠷ ᠤᠨ  ᠡᠯ᠎ᠡ ᠲᠥᠷᠥᠯ ᠤᠨ ᠳᠡᠯᠭᠡᠭᠦᠷ ᠤᠨ ᠡᠵᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 7 ᠰᠠᠷ᠎ᠠ ᠶᠢᠨ 23 ᠤ ᠡᠳᠦᠷ᠂ ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶᠠᠲᠤ ᠣᠷᠣᠨ ᠤ ᠰᠥᠨᠢ ᠶᠢᠨ ᠵᠠᠬ᠎ᠠ ᠳᠡᠯᠭᠡᠭᠦᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃    ᠡᠨᠡ ᠬᠤᠭᠤᠴᠠᠭᠠᠨ ᠳᠤ᠂ ᠬᠠᠮᠲᠤᠷᠠᠭᠰᠠᠨ ᠪᠠᠶᠢᠴᠠᠭᠠᠯᠲᠠ ᠶᠢᠨ ᠳᠤᠭᠤᠶᠢᠯᠠᠩ ᠨᠢ ᠡᠯ᠎ᠡ ᠬᠤᠳᠠᠯᠳᠤᠭᠠᠨ ᠤ ᠡᠷᠦᠬᠡ ᠶᠢᠨ ᠭᠠᠯ ᠬᠡᠷᠡᠭᠯᠡᠬᠦ ᠰᠢᠲᠠᠮᠠᠬᠠᠶ ᠬᠡᠢ᠂ ᠴᠠᠬᠢᠯᠭᠠᠨ ᠬᠡᠷᠡᠭᠰᠡᠯ ᠤᠨ ᠤᠲᠠᠰᠤ ᠪᠠ ᠭᠠᠯ ᠤᠨᠲᠠᠷᠠᠭᠠᠭᠤᠷ ᠲᠣᠬᠢᠷᠠᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠥᠷᠭᠡᠨ ᠣᠯᠠᠨ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠭᠴᠢ ᠳᠤ ᠦᠷᠭᠦᠯᠵᠢ ᠪᠠᠶᠢᠴᠠᠭᠠᠯᠲᠠ ᠬᠢᠵᠦ᠂ ᠵᠠᠳᠠᠭᠠᠢ ᠭᠠᠵᠠᠷ ᠡᠵᠡᠩᠨᠡᠵᠦ ᠪᠠᠶᠢᠭ᠎ᠠ ᠴᠠᠬᠢᠯᠭᠠᠨ ᠱᠤᠭᠤᠮ ᠤᠨ ᠥᠪᠡᠰᠦᠪᠡᠨ ᠪᠠᠶᠢᠴᠠᠭᠠᠯᠲᠠ ᠬᠢᠵᠦ᠂ ᠬᠠᠭᠤᠴᠢᠷᠠᠭᠰᠠᠨ ᠵᠠᠮ ᠱᠤᠭᠤᠮ ᠢ ᠴᠠᠭ ᠲᠤᠬᠠᠶ ᠳᠤᠨᠢ ᠰᠣᠯᠢᠵᠤ ᠂ ᠢᠳᠡᠭᠡᠨ ᠤᠮᠳᠠᠭᠠᠨ ᠤ  ᠳᠡᠯᠭᠡᠭᠦᠷ ᠤᠨ ᠰᠢᠲᠠᠮᠠᠬᠠᠶ ᠬᠡᠶ ᠶᠢᠨ ᠰᠠᠪᠠ᠂ ᠲᠣᠰᠣ ᠵᠡᠷᠭᠡ ᠡᠳ᠋ ᠪᠣᠳᠠᠰ ᠢ ᠲᠣᠬᠢᠲᠠᠶ ᠲᠠᠯᠪᠢᠭᠰᠠᠨ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠰᠢᠲᠠᠮᠠᠬᠠᠶ ᠬᠡᠶ ᠯᠡᠪᠡᠷᠡᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠭᠠᠯ ᠤᠨ ᠭᠠᠮᠰᠢᠭ ᠤᠨ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠰᠢᠩᠭᠡᠨᠵᠢᠮᠡᠯ ᠬᠡᠶ ᠶᠢᠨ ᠰᠠᠪᠠ᠂ ᠣᠨᠴᠠ ᠵᠠᠷᠢᠮ ᠬᠤᠳᠠᠯᠳᠤᠭᠠᠴᠢᠨ ᠡᠷᠦᠬᠡ ᠳᠤᠷ᠎ᠠ ᠪᠠᠷ ᠢᠶᠠᠨ ᠴᠠᠬᠢᠯᠭᠠᠨ ᠤᠲᠠᠰᠤ  ᠵᠠᠯᠭᠠᠬᠤ ᠵᠡᠷᠭᠡ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠬᠤᠳᠠᠯᠳᠤᠭᠠᠴᠢᠨ ᠡᠷᠦᠬᠡ ᠶᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠵᠠᠯᠠᠷᠠᠭᠤᠯᠵᠤ᠂ ᠣᠳᠣᠬᠠᠨ ᠤ ᠭᠠᠯ ᠤᠨ ᠭᠠᠮᠰᠢᠭ ᠤᠨ ᠪᠠᠶᠢᠳᠠᠯ ᠢ ᠲᠣᠳᠣᠷᠬᠠᠶ ᠲᠠᠨᠢᠭᠤᠯᠵᠤ᠂ ᠭᠠᠯ ᠬᠡᠷᠡᠭᠯᠡᠬᠦ᠂ ᠬᠡᠶ ᠬᠡᠷᠡᠭᠯᠡᠬᠦ ᠠᠮᠤᠷ ᠲᠦᠪᠰᠢᠨ ᠢ ᠠᠩᠬᠠᠷᠴᠤ᠂ ᠠᠵᠠ ᠵᠠᠪᠰᠢᠶᠠᠨ ᠢᠶᠠᠷ ᠭᠤᠷᠢᠳᠠᠬᠤ ᠪᠣᠳᠣᠯ ᠢ ᠲᠡᠪᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢ ᠱᠠᠯᠠᠪᠳᠠᠭᠤᠯᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠬᠠᠭᠤᠯᠭ᠎ᠠ ᠶᠢᠨ  ᠦᠢᠯᠡᠳᠦᠯ  ᠢᠶᠠᠨ  ᠭᠦᠢᠴᠡᠳ ᠪᠠᠳᠠᠷᠠᠭᠤᠯᠤᠨ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠡᠮᠵᠢᠶ᠎ᠡ ᠶᠢ ᠥᠷᠭᠡᠳᠬᠡᠵᠦ᠂ ᠵᠣᠨ ᠤ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠳᠤ ︽ᠠᠮᠤᠷ ᠲᠦᠪᠰᠢᠨ ᠤ ᠲᠣᠤᠷ︾ ᠢ  ᠰᠦᠯᠵᠢᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号