ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2024/7/25
     ᠮᠠᠨ ᠤ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠮᠡᠳᠡᠭᠦᠯᠦᠨ ᠬᠦᠷᠭᠡᠬᠦ ᠪᠠ ᠢᠲᠡᠭᠡᠮᠵᠢ ᠶᠢᠨ ᠮᠡᠳᠡᠭᠡ ᠵᠠᠩᠭᠢ ᠶᠢ ᠲᠡᠮᠲᠡᠭᠯᠡᠨ ᠣᠷᠣᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢ ᠲᠡᠮᠲᠡᠭᠯᠡᠨ ᠣᠷᠣᠭᠤᠯᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠵᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠦᠷᠢᠯᠳᠦᠬᠦᠨ ᠨᠢᠭᠡᠴᠡ ᠣᠷᠣᠯᠴᠠᠵᠠᠶ     ᠬᠤᠷᠠᠯ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠮᠡᠳᠡᠭᠦᠯᠦᠨ ᠬᠦᠷᠭᠡᠬᠦ ᠡᠯ᠎ᠡ ᠵᠦᠢᠯ ᠤᠨ ᠱᠠᠭᠠᠷᠳᠠᠯᠭ᠎ᠠ ᠪᠠ ᠪᠠᠷᠢᠮᠵᠢᠶ᠎ᠠ ᠶᠢᠨ ᠲᠤᠬᠠᠶ ᠲᠠᠶᠢᠯᠤᠮᠵᠢ ᠬᠢᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠲᠡᠮᠲᠡᠭᠯᠡᠨ ᠣᠷᠣᠭᠤᠯᠬᠤ ᠠᠵᠢᠯ ᠢ ᠲᠠᠨᠢᠯᠴᠠᠭᠤᠯᠵᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠲᠠᠯ᠎ᠠ ᠪᠠᠷ ᠰᠠᠨᠠᠭᠤᠯᠭ᠎ᠠ ᠳᠤᠷᠠᠳᠪᠠ᠃    ᠬᠤᠷᠠᠯ ᠠᠴᠠ᠂ ᠡᠯ᠎ᠡ ᠨᠢᠭᠡᠴᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠢᠲᠡᠭᠡᠯ ᠠᠯᠳᠠᠭᠰᠠᠳ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠵᠦ᠂ ᠮᠠᠨ ᠤ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号