ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/26
     ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠪᠠ ᠨᠠᠩ ᠢᠳᠡᠪᠬᠢᠲᠡᠶ ᠪᠥᠭᠡᠳ ᠠᠮᠵᠢᠯᠲᠠ ᠲᠠᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃    ᠨᠢᠭᠡ ᠳᠤ᠂ ᠲᠥᠰᠦᠪ ᠢ ᠢᠯᠡ ᠪᠣᠯᠭᠠᠬᠤ ᠠᠵᠢᠯ ᠢ ᠵᠢᠷᠤᠮᠵᠢᠭᠤᠯᠤᠨ ᠠᠬᠢᠭᠤᠯᠪᠠ᠃ ︽ᠬᠡᠨ ᠨᠠᠶᠢᠷᠠᠭᠤᠯᠤᠨ ᠵᠣᠬᠢᠶᠠᠪᠠᠯ᠂ ᠬᠡᠨ ᠢᠯᠡ ᠪᠣᠯᠭᠠᠬᠤ᠂ ᠬᠡᠨ ᠢᠯᠡ  ᠪᠣᠯᠭᠠᠪᠠᠯ᠂ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠪᠥᠬᠦ ᠬᠤᠰᠢᠭᠤᠨ ᠤ 196 ᠲᠥᠰᠦᠪ ᠤᠨ ᠨᠢᠭᠡᠴᠡ ᠶᠢᠨ ᠲᠥᠰᠦᠪ ᠢ ᠢᠯᠡ ᠪᠣᠯᠭᠠᠬᠤ ᠨᠣᠷᠮ᠎ᠠ ᠶᠢ 100% ᠳᠤ ᠬᠦᠷᠦᠭᠦᠯᠵᠦ᠂ ᠡᠳ᠋ ᠤᠨ ᠵᠠᠰᠠᠭ ᠤᠨ ᠢᠯᠡ ᠲᠣᠳᠣ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ ᠬᠤᠶᠠᠷ ᠲᠤ᠂ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠵᠤ ᠬᠢᠨᠠᠯᠲᠠ ᠲᠠᠯᠪᠢᠵᠤ ᠪᠠᠶᠢᠴᠠᠭᠠᠬᠤ ᠶᠢ ᠪᠦᠲᠦᠮᠵᠢᠲᠡᠢ ᠠᠬᠢᠭᠤᠯᠪᠠ᠃ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠵᠤ᠂ 2024 ᠣᠨ ᠤ ᠪᠥᠬᠦ ᠬᠤᠰᠢᠭᠤᠨ ᠤ ᠲᠥᠰᠦᠪ ᠢ ᠢᠯᠡ ᠪᠣᠯᠭᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠨᠢᠭᠡᠳᠦᠭᠡᠷ ᠱᠠᠲᠤᠨ ᠤ ᠰᠠᠯᠠᠭ᠎ᠠ ᠮᠥᠴᠢᠷ ᠪᠠ ᠬᠠᠷᠢᠶ᠎ᠠ ᠨᠢᠭᠡᠴᠡ ᠶᠢᠨ 208 ᠡᠷᠦᠬᠡ ᠶᠢ ᠪᠠᠶᠢᠴᠠᠭᠠᠵᠤ᠂ ᠲᠥᠰᠦᠪ ᠤᠨ ᠨᠢᠭᠡᠴᠡ ᠶᠢᠨ ᠢᠯᠡ ᠪᠣᠯᠭᠠᠭᠰᠠᠨ ᠨᠢ ᠵᠢᠷᠤᠮᠵᠢᠯ ᠥᠬᠡᠶ  ᠪᠠᠶᠢᠪᠠᠯ ᠵᠢᠯᠣᠭᠤᠳᠣᠯᠭ᠎ᠠ ᠪᠠ ᠬᠢᠨᠠᠯᠲᠠ ᠲᠠᠯᠪᠢᠵᠤ᠂ 2024 ᠣᠨ ᠤ ᠲᠥᠰᠦᠪ ᠢ ᠢᠯᠡ ᠪᠣᠯᠭᠠᠬᠤ ᠶᠠᠰᠤ ᠴᠢᠨᠠᠷ ᠢ ᠪᠠᠲᠤᠯᠠᠪᠠ᠃ ᠭᠤᠷᠪᠠ ᠳᠤ ᠂ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠪᠦᠬᠦ ᠲᠠᠯ᠎ᠠ ᠪᠠᠷ  ᠡᠬᠢᠯᠡᠭᠦᠯᠪᠡ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠪᠠ ᠰᠠᠯᠠᠭ᠎ᠠ ᠮᠥᠴᠢᠷ ᠤᠨ ᠦᠨᠡᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠥᠰᠦᠪ ᠢ ᠨᠢᠭᠡ ᠴᠤᠭᠴᠠᠵᠢᠭᠤᠯᠬᠤ ᠰᠢᠰᠲ᠋ᠧᠮ ᠳᠤ ᠨᠢᠭᠡᠨᠲᠡ 1318 ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠪᠡᠶᠡᠯᠡᠭᠦᠯᠵᠦ᠂ 259829 ᠲᠦᠮᠡᠨ ᠲᠥᠭᠦᠷᠢᠭ ᠤᠨ ᠵᠣᠭᠤᠰ ᠤᠨ ᠲᠤᠭ᠎ᠠ ᠲᠠᠢ‌ᠬᠤᠯᠪᠤᠭᠳᠠᠪᠠ᠃ ᠳᠥᠷᠪᠡ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠢ ᠪᠥᠬᠦ ᠲᠠᠯ᠎ᠠ ᠪᠠᠷ ᠳᠡᠯᠭᠡᠷᠡᠭᠦᠯᠵᠦ᠂ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠨᠡᠶᠢᠲᠡ 232 ᠪᠦᠯᠦᠭ ᠤᠳᠠᠭ᠎ᠠ ᠵᠣᠬᠢᠶᠠᠨ ᠪᠠᠶᠢᠭᠤᠯᠵᠤ᠂ ᠬᠤᠳᠠᠯᠳᠤᠨ ᠠᠪᠬᠤ ᠲᠥᠰᠦᠪ ᠢ 9629.03 ᠲᠦᠮᠡᠨ ᠲᠥᠭᠦᠷᠢᠭ ᠪᠡᠶᠡᠯᠡᠭᠦᠯᠵᠦ᠂ ᠬᠤᠳᠠᠯᠳᠤᠨ ᠠᠪᠬᠤ ᠪᠠᠯᠠ ᠮᠥᠩᠭᠦ ᠶᠢ 9344.93 ᠲᠦᠮᠡᠨ ᠲᠥᠭᠦᠷᠢᠭ ᠪᠡᠶᠡᠯᠡᠭᠦᠯᠵᠦ᠂ 284.10 ᠲᠦᠮᠡᠨ ᠲᠥᠭᠦᠷᠢᠭ ᠤᠨ ᠪᠠᠯᠠ ᠮᠥᠩᠭᠦ ᠶᠢ ᠠᠷᠪᠢᠯᠠᠵᠤ᠂ ᠪᠠᠯᠠ ᠮᠥᠩᠭᠦ ᠶᠢ ᠠᠷᠪᠢᠯᠠᠭᠰᠠᠨ ᠨᠣᠷᠮ᠎ᠠ 2.95% ᠳᠤ ᠬᠥᠷᠪᠡ᠃ ᠲᠠᠪᠤ ᠳᠤ᠂ ᠲᠥᠰᠦᠪ ᠢ ᠬᠢᠨᠠᠨ ᠲᠣᠭᠲᠠᠭᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ︽ᠠᠤᠬᠠᠨ ᠬᠤᠰᠢᠭᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ᠂ ︽ᠡᠷᠬᠡ ᠲᠡᠭᠰᠢ᠂ ᠲᠥᠪ ᠭᠤᠤᠯᠴᠢ᠂ ᠦᠨᠡᠨ ᠠᠴᠠ ᠵᠥᠪ ᠢ ᠡᠷᠢᠬᠦ︾ ᠵᠠᠷᠴᠢᠮ ᠢ ᠪᠠᠷᠢᠮᠲᠠᠯᠠᠨ ᠬᠢᠨᠠᠨ ᠲᠣᠭᠲᠠᠭᠠᠬᠤ ᠠᠵᠢᠯ ᠢ ᠦᠷᠨᠢᠭᠦᠯᠪᠡ᠃ ᠣᠲᠣ ᠪᠣᠯᠲᠠᠯ᠎ᠠ᠂ ᠲᠥᠰᠦᠪ ᠤᠨ ᠬᠢᠨᠠᠨ ᠲᠣᠭᠲᠠᠭᠠᠯᠲᠠ ᠳᠤ ᠨᠡᠶᠢᠲᠡ 358 ᠲᠥᠷᠥᠯ ᠤᠨ ᠪᠠᠯᠠ ᠮᠥᠩᠭᠦ ᠶᠢ ᠬᠢᠨᠠᠨ ᠲᠣᠭᠲᠠᠭᠠᠵᠤ᠂ ᠬᠦᠷᠭᠡᠵᠦ ᠬᠢᠨᠠᠭᠤᠯᠤᠭᠰᠠᠨ ᠪᠠᠯᠠ ᠮᠥᠩᠭᠦ 43. 957 ᠲᠦᠮᠡᠨ ᠲᠥᠭᠦᠷᠢᠭ᠂ 38404 ᠲᠦᠮᠡᠨ ᠲᠥᠭᠦᠷᠢᠭ ᠤᠨ ᠪᠠᠯᠠ ᠮᠥᠩᠭᠦ ᠶᠢ ᠬᠢᠨᠠᠨ ᠲᠣᠭᠲᠠᠭᠠᠵᠤ᠂ ᠬᠢᠨᠠᠨ ᠬᠠᠰᠤᠭᠰᠠᠨ ᠪᠠᠯᠠ ᠮᠥᠩᠭᠦ 5553 ᠲᠦᠮᠡᠨ ᠲᠥᠭᠦᠷᠢᠭ ᠂  ᠬᠢᠨᠠᠨ ᠬᠠᠰᠤᠭᠰᠠᠨ ᠨᠣᠷᠮ᠎ᠠ 12.63 % ᠳᠤ ᠬᠦᠷᠴᠦ᠂ ᠡᠳ᠋ ᠤᠨ ᠵᠠᠰᠠᠭ ᠤᠨ ᠪᠠᠯᠠ ᠮᠥᠩᠭᠦ ᠶᠢ ᠪᠦᠲᠦᠮᠵᠢᠲᠡᠶ ᠠᠷᠪᠢᠯᠠᠪᠠ᠃ ᠵᠢᠷᠭᠤᠭ᠎ᠠ ᠳᠤ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ 197 ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠬᠢᠨᠠᠨ ᠪᠠᠶᠢᠴᠠᠭᠠᠪᠠ︔ ᠰᠤᠯᠠ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠦᠨ᠎ᠡ ᠬᠠᠶᠠᠨ ᠬᠤᠳᠠᠯᠳᠤᠬᠤ ᠠᠵᠢᠯ ᠢ ᠥᠷᠨᠢᠭᠦᠯᠪᠡ᠃ 79 ᠭᠠᠵᠠᠷ 1.1 ᠲᠦᠮᠡᠨ ᠲᠡᠭᠰᠢ ᠳᠥᠷᠪᠡᠯᠵᠢᠨ ᠮᠧᠲᠷ ᠤᠨ ᠰᠤᠯᠠ ᠪᠠᠶᠢᠭ᠎ᠠ ᠭᠡᠷ ᠪᠠᠶᠢᠰᠢᠩ ᠢ ᠢᠯᠡ ᠪᠠᠷ ᠰᠢᠯᠵᠢᠭᠦᠯᠦᠨ ᠥᠭᠴᠦ᠂ ᠣᠳᠣᠬᠠᠨ ᠪᠣᠯᠲᠠᠯ᠎ᠠ᠂ 6 ᠭᠠᠵᠠᠷ ᠠᠷᠠᠯᠵᠢᠶ᠎ᠠ ᠪᠦᠲᠦᠵᠦ᠂ ᠠᠷᠠᠯᠵᠢᠶ᠎ᠠ ᠪᠦᠲᠦᠭᠰᠡᠨ ᠲᠤᠭ᠎ᠠ 357.38 ᠲᠦᠮᠡᠨ ᠲᠥᠭᠦᠷᠢᠭ ᠲᠤ ᠬᠦᠷᠴᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号