ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨ ᠰᠣᠯᠢᠯᠴᠠᠭ᠎ᠠ ᠦᠵᠡᠬᠦᠯᠦᠯᠭᠡ ᠶᠢᠨ ᠪᠦᠯᠬᠦᠮ ᠢ ᠵᠣᠬᠢᠶᠠᠨ ᠪᠠᠶᠢᠭᠤᠯᠵᠤ ᠮᠠᠨ ᠤ ᠬᠤᠰᠢᠭᠤᠨ ᠳᠤ ᠢᠷᠡᠵᠦ ᠰᠣᠯᠢᠯᠴᠠᠭ᠎ᠠ ᠬᠢᠵᠦ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 23 ᠤ ᠡᠳᠦᠷ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠰᠢᠶᠠᠩ ᠼᠦᠨ ᠲᠣᠭᠤᠷᠢᠨ ᠦᠵᠡᠬᠦ ᠪᠦᠯᠬᠦᠮ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠰᠣᠯᠢᠯᠴᠠᠭᠠᠨ ᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠧ ᠰᠢᠤ ᠯᠢ ᠠᠵᠢᠯᠯᠠᠭ᠎ᠠ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠧᠨ ᠸᠧᠶ ᠪᠠᠷ᠎ᠠ ᠪᠣᠯᠵᠣ ᠲᠣᠭᠤᠷᠢᠨ ᠦᠵᠡᠪᠡ᠃
C:\Users\Administrator\Desktop\1.jpg
    ᠲᠣᠭᠤᠷᠢᠨ  ᠦᠵᠡᠬᠦ ᠪᠦᠯᠬᠦᠮ ᠤᠨ ᠬᠢᠨ ᠤᠷᠢᠳ ᠬᠤᠵᠢᠳ ᠠᠤᠬᠠᠨ ᠤ  ᠾᠦᠢ ᠸᠧᠨ ᠲᠠᠯᠠᠪᠠᠶ ᠶᠢᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠠᠤᠬᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ  ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠲᠠᠯᠠᠪᠠᠢ  ᠶᠢᠨ ᠦᠵᠡᠭᠦᠯᠦᠯᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠪᠢᠯᠧᠲ ᠥᠭᠬᠦ ᠲᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠰᠦᠯᠵᠢᠶᠡᠨ ᠳᠡᠭᠡᠷᠡᠬᠢ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠠᠵᠢᠯᠯᠠᠭᠠᠨ᠂ ᠬᠤᠷᠠᠯ ᠳᠡᠭᠦᠰᠦᠭᠰᠡᠨ ᠬᠤᠭᠤᠴᠠᠭᠠᠨ ᠳᠤ ᠠᠷᠠᠳ ᠤᠨ ᠲᠥᠯᠥᠭᠡᠯᠡᠭᠴᠢᠳ ᠤᠨ  ᠦᠢᠯᠡᠳᠦᠯ ᠢ ᠪᠠᠳᠠᠷᠠᠭᠤᠯᠬᠤ ᠵᠡᠷᠭᠡ ᠠᠵᠢᠯ ᠢ ᠨᠠᠷᠢᠨ ᠣᠶᠢᠯᠠᠭᠠᠪᠠ᠃
C:\Users\Administrator\Desktop\2.jpg
    ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠨᠢ ᠪᠥᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠬᠠᠮᠤᠷᠬᠤ ᠪᠣᠯᠤᠨ᠎ᠠ᠃ ᠲᠣᠭᠤᠷᠢᠨ ᠦᠵᠡᠬᠦ ᠪᠠᠷ ᠳᠠᠮᠵᠢᠨ᠂ ᠲᠤᠷᠰᠢᠯᠭ᠎ᠠ ᠪᠠᠨ ᠬᠠᠷᠢᠯᠴᠠᠨ ᠰᠢᠩᠭᠡᠭᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠣᠯᠢᠯᠴᠠᠭ᠎ᠠ ᠶᠢ ᠨᠡᠮᠡᠭᠳᠡᠭᠦᠯᠵᠦ᠂ ᠡᠯ᠎ᠡ ᠭᠠᠵᠠᠷ ᠣᠷᠣᠨ ᠤ ᠬᠢᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠪᠠᠶᠢᠭᠤᠯᠬᠤ᠂ ᠲᠥᠯᠥᠭᠡᠯᠡᠭᠴᠢᠳ ᠤᠨ ᠠᠵᠢᠯᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠬᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠥᠷᠭᠡᠳᠬᠡᠬᠦ ᠲᠠᠯ᠎ᠠ ᠪᠠᠷ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠲᠠᠰᠤᠷᠠᠯᠳᠠ ᠦᠭᠡᠢ ᠰᠦᠪᠡᠭᠴᠢᠯᠡᠬᠦ ᠶᠢ  ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号