| ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠪᠠ ᠨᠠᠩ | ᠢᠳᠡᠪᠬᠢᠲᠡᠶ ᠪᠥᠭᠡᠳ ᠠᠮᠵᠢᠯᠲᠠ ᠲᠠᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ | ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠳ᠋ ᠤᠨ | ᠵᠠᠰᠠᠭ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠨᠢᠭᠡ ᠳᠤ᠂ ᠲᠥᠰᠦᠪ ᠢ ᠢᠯᠡ ᠪᠣᠯᠭᠠᠬᠤ ᠠᠵᠢᠯ ᠢ ᠵᠢᠷᠤᠮᠵᠢᠭᠤᠯᠤᠨ ᠠᠬᠢᠭᠤᠯᠪᠠ᠃ ︽ᠬᠡᠨ ᠨᠠᠶᠢᠷᠠᠭᠤᠯᠤᠨ | ᠵᠣᠬᠢᠶᠠᠪᠠᠯ᠂ ᠬᠡᠨ ᠢᠯᠡ ᠪᠣᠯᠭᠠᠬᠤ᠂ ᠬᠡᠨ ᠢᠯᠡ ᠪᠣᠯᠭᠠᠪᠠᠯ᠂ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ | ᠪᠥᠬᠦ ᠬᠤᠰᠢᠭᠤᠨ ᠤ 196 ᠲᠥᠰᠦᠪ ᠤᠨ ᠨᠢᠭᠡᠴᠡ ᠶᠢᠨ ᠲᠥᠰᠦᠪ ᠢ ᠢᠯᠡ ᠪᠣᠯᠭᠠᠬᠤ ᠨᠣᠷᠮ᠎ᠠ ᠶᠢ 100% ᠳᠤ | ᠬᠦᠷᠦᠭᠦᠯᠵᠦ᠂ ᠡᠳ᠋ ᠤᠨ ᠵᠠᠰᠠᠭ ᠤᠨ ᠢᠯᠡ ᠲᠣᠳᠣ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ | ᠬᠤᠶᠠᠷ ᠲᠤ᠂ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠵᠤ ᠬᠢᠨᠠᠯᠲᠠ ᠲᠠᠯᠪᠢᠵᠤ | ᠪᠠᠶᠢᠴᠠᠭᠠᠬᠤ ᠶᠢ ᠪᠦᠲᠦᠮᠵᠢᠲᠡᠢ ᠠᠬᠢᠭᠤᠯᠪᠠ᠃ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠶᠢ ᠪᠠᠳᠠᠷᠠᠭᠤᠯᠵᠤ᠂ 2024 ᠣᠨ ᠤ ᠪᠥᠬᠦ ᠬᠤᠰᠢᠭᠤᠨ ᠤ ᠲᠥᠰᠦᠪ ᠢ ᠢᠯᠡ ᠪᠣᠯᠭᠠᠭᠰᠠᠨ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠨᠢᠭᠡᠳᠦᠭᠡᠷ ᠱᠠᠲᠤᠨ ᠤ ᠰᠠᠯᠠᠭ᠎ᠠ ᠮᠥᠴᠢᠷ ᠪᠠ ᠬᠠᠷᠢᠶ᠎ᠠ ᠨᠢᠭᠡᠴᠡ ᠶᠢᠨ | 208 ᠡᠷᠦᠬᠡ ᠶᠢ ᠪᠠᠶᠢᠴᠠᠭᠠᠵᠤ᠂ ᠲᠥᠰᠦᠪ ᠤᠨ ᠨᠢᠭᠡᠴᠡ ᠶᠢᠨ ᠢᠯᠡ ᠪᠣᠯᠭᠠᠭᠰᠠᠨ ᠨᠢ ᠵᠢᠷᠤᠮᠵᠢᠯ ᠥᠬᠡᠶ ᠪᠠᠶᠢᠪᠠᠯ | ᠵᠢᠯᠣᠭᠤᠳᠣᠯᠭ᠎ᠠ ᠪᠠ ᠬᠢᠨᠠᠯᠲᠠ ᠲᠠᠯᠪᠢᠵᠤ᠂ 2024 ᠣᠨ ᠤ ᠲᠥᠰᠦᠪ ᠢ ᠢᠯᠡ ᠪᠣᠯᠭᠠᠬᠤ ᠶᠠᠰᠤ ᠴᠢᠨᠠᠷ ᠢ | ᠪᠠᠲᠤᠯᠠᠪᠠ᠃ | ᠭᠤᠷᠪᠠ ᠳᠤ ᠂ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ | ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ | ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠪᠠ ᠰᠠᠯᠠᠭ᠎ᠠ ᠮᠥᠴᠢᠷ ᠤᠨ ᠦᠨᠡᠯᠡᠬᠦ ᠠᠵᠢᠯ ᠢ ᠪᠥᠬᠦ ᠲᠠᠯ᠎ᠠ ᠪᠠᠷ | ᠥᠷᠨᠢᠭᠦᠯᠵᠦ᠂ ᠲᠥᠰᠦᠪ ᠢ ᠨᠢᠭᠡ ᠴᠤᠭᠴᠠᠵᠢᠭᠤᠯᠬᠤ ᠰᠢᠰᠲ᠋ᠧᠮ ᠳᠤ ᠨᠢᠭᠡᠨᠲᠡ 1318 ᠲᠥᠷᠥᠯ ᠵᠦᠢᠯ ᠤᠨ | ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠪᠡᠶᠡᠯᠡᠭᠦᠯᠵᠦ᠂ 259829 ᠲᠦᠮᠡᠨ ᠲᠥᠭᠦᠷᠢᠭ ᠤᠨ | ᠵᠣᠭᠤᠰ ᠤᠨ ᠲᠤᠭ᠎ᠠ ᠲᠠᠢᠬᠤᠯᠪᠤᠭᠳᠠᠪᠠ᠃ | ᠳᠥᠷᠪᠡ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠢ ᠪᠥᠬᠦ ᠲᠠᠯ᠎ᠠ ᠪᠠᠷ ᠳᠡᠯᠭᠡᠷᠡᠭᠦᠯᠵᠦ᠂ ᠬᠤᠳᠠᠯᠳᠤᠨ | ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠨᠡᠶᠢᠲᠡ | 232 ᠪᠦᠯᠦᠭ ᠤᠳᠠᠭ᠎ᠠ ᠵᠣᠬᠢᠶᠠᠨ ᠪᠠᠶᠢᠭᠤᠯᠵᠤ᠂ ᠬᠤᠳᠠᠯᠳᠤᠨ ᠠᠪᠬᠤ ᠲᠥᠰᠦᠪ ᠢ 9629.03 ᠲᠦᠮᠡᠨ | ᠲᠥᠭᠦᠷᠢᠭ ᠪᠡᠶᠡᠯᠡᠭᠦᠯᠵᠦ᠂ ᠬᠤᠳᠠᠯᠳᠤᠨ ᠠᠪᠬᠤ ᠪᠠᠯᠠ ᠮᠥᠩᠭᠦ ᠶᠢ 9344.93 ᠲᠦᠮᠡᠨ ᠲᠥᠭᠦᠷᠢᠭ ᠪᠡᠶᠡᠯᠡᠭᠦᠯᠵᠦ | ᠂ 284.10 ᠲᠦᠮᠡᠨ ᠲᠥᠭᠦᠷᠢᠭ ᠤᠨ ᠪᠠᠯᠠ ᠮᠥᠩᠭᠦ ᠶᠢ ᠠᠷᠪᠢᠯᠠᠵᠤ᠂ ᠪᠠᠯᠠ ᠮᠥᠩᠭᠦ ᠶᠢ ᠠᠷᠪᠢᠯᠠᠭᠰᠠᠨ ᠨᠣᠷᠮ᠎ᠠ 2. | 95% ᠳᠤ ᠬᠥᠷᠪᠡ᠃ | ᠲᠠᠪᠤ ᠳᠤ᠂ ᠲᠥᠰᠦᠪ ᠢ ᠬᠢᠨᠠᠨ ᠲᠣᠭᠲᠠᠭᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ︽ᠠᠤᠬᠠᠨ | ᠬᠤᠰᠢᠭᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ | ᠶᠢ ᠴᠢᠩᠭ᠎ᠠ ᠵᠢᠷᠤᠮᠯᠠᠨ᠂ ︽ᠡᠷᠬᠡ ᠲᠡᠭᠰᠢ᠂ ᠲᠥᠪ ᠭᠤᠤᠯᠴᠢ᠂ ᠦᠨᠡᠨ ᠠᠴᠠ ᠵᠥᠪ ᠢ ᠡᠷᠢᠬᠦ︾ ᠵᠠᠷᠴᠢᠮ ᠢ | ᠪᠠᠷᠢᠮᠲᠠᠯᠠᠨ ᠬᠢᠨᠠᠨ ᠲᠣᠭᠲᠠᠭᠠᠬᠤ ᠠᠵᠢᠯ ᠢ ᠦᠷᠨᠢᠭᠦᠯᠪᠡ᠃ ᠣᠲᠣ ᠪᠣᠯᠲᠠᠯ᠎ᠠ᠂ ᠲᠥᠰᠦᠪ ᠤᠨ ᠬᠢᠨᠠᠨ | ᠲᠣᠭᠲᠠᠭᠠᠯᠲᠠ ᠳᠤ ᠨᠡᠶᠢᠲᠡ 358 ᠲᠥᠷᠥᠯ ᠤᠨ ᠪᠠᠯᠠ ᠮᠥᠩᠭᠦ ᠶᠢ ᠬᠢᠨᠠᠨ ᠲᠣᠭᠲᠠᠭᠠᠵᠤ᠂ ᠬᠦᠷᠭᠡᠵᠦ | ᠬᠢᠨᠠᠭᠤᠯᠤᠭᠰᠠᠨ ᠪᠠᠯᠠ ᠮᠥᠩᠭᠦ 43. 957 ᠲᠦᠮᠡᠨ ᠲᠥᠭᠦᠷᠢᠭ᠂ 38404 ᠲᠦᠮᠡᠨ ᠲᠥᠭᠦᠷᠢᠭ ᠤᠨ ᠪᠠᠯᠠ | ᠮᠥᠩᠭᠦ ᠶᠢ ᠬᠢᠨᠠᠨ ᠲᠣᠭᠲᠠᠭᠠᠵᠤ᠂ ᠬᠢᠨᠠᠨ ᠬᠠᠰᠤᠭᠰᠠᠨ ᠪᠠᠯᠠ ᠮᠥᠩᠭᠦ 5553 ᠲᠦᠮᠡᠨ ᠲᠥᠭᠦᠷᠢᠭ ᠂ ᠬᠢᠨᠠᠨ | ᠬᠠᠰᠤᠭᠰᠠᠨ ᠨᠣᠷᠮ᠎ᠠ 12.63 % ᠳᠤ ᠬᠦᠷᠴᠦ᠂ ᠡᠳ᠋ ᠤᠨ ᠵᠠᠰᠠᠭ ᠤᠨ ᠪᠠᠯᠠ ᠮᠥᠩᠭᠦ ᠶᠢ ᠪᠦᠲᠦᠮᠵᠢᠲᠡᠶ | ᠠᠷᠪᠢᠯᠠᠪᠠ᠃ | ᠵᠢᠷᠭᠤᠭ᠎ᠠ ᠳᠤ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠪᠠ᠃ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ 197 ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠬᠢᠨᠠᠨ ᠪᠠᠶᠢᠴᠠᠭᠠᠪᠠ︔ ᠰᠤᠯᠠ ᠪᠠᠶᠢᠭ᠎ᠠ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠦᠨ᠎ᠡ ᠬᠠᠶᠠᠨ ᠬᠤᠳᠠᠯᠳᠤᠬᠤ ᠠᠵᠢᠯ ᠢ ᠥᠷᠨᠢᠭᠦᠯᠪᠡ᠃ 79 | ᠭᠠᠵᠠᠷ 1.1 ᠲᠦᠮᠡᠨ ᠲᠡᠭᠰᠢ ᠳᠥᠷᠪᠡᠯᠵᠢᠨ ᠮᠧᠲᠷ ᠤᠨ ᠰᠤᠯᠠ ᠪᠠᠶᠢᠭ᠎ᠠ ᠭᠡᠷ ᠪᠠᠶᠢᠰᠢᠩ ᠢ ᠢᠯᠡ ᠪᠠᠷ ᠰᠢᠯᠵᠢᠭᠦᠯᠦᠨ | ᠥᠭᠴᠦ᠂ ᠣᠳᠣᠬᠠᠨ ᠪᠣᠯᠲᠠᠯ᠎ᠠ᠂ 6 ᠭᠠᠵᠠᠷ ᠠᠷᠠᠯᠵᠢᠶ᠎ᠠ ᠪᠦᠲᠦᠵᠦ᠂ ᠠᠷᠠᠯᠵᠢᠶ᠎ᠠ ᠪᠦᠲᠦᠭᠰᠡᠨ ᠲᠤᠭ᠎ᠠ 357.38 | ᠲᠦᠮᠡᠨ ᠲᠥᠭᠦᠷᠢᠭ ᠲᠤ ᠬᠦᠷᠴᠡᠶ᠃ | | |