ᠰᠢᠨ ᠵᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠰᠠᠭᠤᠭᠠᠯᠢ ᠲᠣᠭᠤᠷᠢᠭ ᠲᠤ ᠣᠷᠣᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/3
     ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠡᠮᠡᠭᠲᠡᠶᠢᠴᠦᠳ ᠬᠡᠤᠬᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠨᠠᠩ ᠰᠠᠶᠢᠲᠤᠷ ᠬᠠᠮᠠᠭᠠᠯᠠᠵᠤ᠂ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠪᠥᠬᠦ ᠨᠡᠶᠢᠭᠡᠮ ᠢᠶᠠᠷ ᠢᠶᠠᠨ ᠨᠠᠰᠤᠨ ᠳᠤ ᠥᠯᠥ ᠭᠦᠷᠦᠭᠰᠡᠳ ᠪᠠ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠦᠨᠳᠦᠳᠬᠡᠨ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠰᠢᠨ ᠵᠧᠦ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ᠂ ᠬᠠᠤᠯᠢ ᠴᠠᠭᠠᠵᠠ ᠶᠢᠨ ᠭᠠᠵᠠᠷ᠂ ᠡᠪᠯᠡᠯ ᠤᠨ ᠠᠵᠢᠯ ᠤᠨ ᠵᠦᠪᠯᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠ ᠪᠢᠨ ᠾᠧ ᠨᠡᠶᠢᠭᠡᠮ ᠲᠣᠭᠤᠷᠢᠭ ᠬᠠᠮᠲᠤᠷᠠᠨ ᠪᠢᠨ ᠾᠧ ᠰᠠᠭᠤᠭᠠᠯᠢ ᠲᠣᠭᠤᠷᠢᠭ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ︽ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠡᠶ᠎ᠡ ᠵᠣᠬᠢᠴᠠᠯ ᠲᠠᠢ ᠬᠡᠷ ᠣᠷᠣᠨ ᠢ ᠬᠠᠮᠲᠤ ᠪᠠᠷ ᠴᠣᠭᠴᠠᠯᠠᠬᠤ︾ ᠪᠠᠷ ᠭᠤᠤᠯ ᠰᠡᠳᠦᠪ ᠪᠣᠯᠭᠠᠵᠤ᠂ ᠠᠵᠢᠯᠯᠠᠭ᠎ᠠ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰ ᠲᠣᠰ ︽ᠬᠠᠤᠯᠢ ᠴᠠᠭᠠᠵᠠ ᠶᠢᠨ ᠬᠠᠮᠠᠭᠠᠯᠠᠭᠴᠢ︾ ᠪᠣᠯᠵᠤ᠂ ︽ᠬᠠᠤᠯᠢ ᠴᠠᠭᠠᠵᠠ ᠶᠢᠨ ᠬᠠᠮᠠᠭᠠᠯᠠᠭᠴᠢ︾ ᠪᠣᠯᠬᠤ ᠪᠠᠷ ᠴᠢᠷᠮᠠᠶᠢᠵᠤ᠂ ᠵᠢᠵᠢᠭ ᠲᠣᠭᠤᠷᠢᠭ ᠲᠤ ᠰᠢᠷᠡᠭᠡ ᠰᠠᠨᠳᠠᠯᠢ ᠲᠠᠯᠪᠢᠵᠤ᠂ ᠠᠰᠠᠭᠤᠨ ᠯᠠᠪᠯᠠᠬᠤ ᠲᠠᠪᠴᠠᠩ ᠭᠠᠷᠭᠠᠵᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠬᠥᠮᠦᠵᠢᠯ ᠢ ᠠᠬᠢᠭᠤᠯᠬᠤ ᠲᠦᠷᠢᠮ︾ ︽ᠤᠷᠤᠭ ᠭᠡᠷ ᠪᠦᠯᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ ᠡᠷᠬᠡ ᠠᠰᠢᠭ ᠢᠶᠠᠨ ᠬᠠᠮᠠᠭᠠᠯᠠᠬᠤ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠡᠭᠦᠨ ᠤ ᠤᠯᠠᠮ ᠠᠴᠠ ᠨᠠᠰᠤᠨ ᠳᠤ ᠥᠯᠥ ᠭᠦᠷᠦᠭᠰᠡᠳ ᠪᠠ ᠡᠮᠡᠭᠲᠡᠶᠢᠴᠦᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ᠲᠡᠳᠡᠨ ᠤ ᠬᠠᠤᠯᠢ ᠴᠠᠭᠠᠵᠠ ᠶᠢᠨ ᠮᠡᠳᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠵᠥᠪ ᠪᠤᠷᠤᠭᠤ ᠶᠢ ᠢᠯᠭᠠᠨ ᠲᠠᠨᠢᠬᠤ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃    ︽ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠡᠮᠡᠭᠲᠡᠶᠢᠴᠦᠳ ᠪᠠ ᠨᠠᠰᠤᠨ ᠳᠤ ᠥᠯᠥ ᠭᠦᠷᠦᠭᠰᠡᠳ ᠡᠳᠦᠷ ᠲᠤᠲᠤᠮ ᠤᠨ ᠠᠮᠢᠳᠤᠷᠠᠯ ᠳᠤᠮᠳᠠ ᠬᠡᠷᠬᠢᠨ ᠤᠬᠠᠮᠰᠠᠷ ᠠᠴᠠ ᠪᠠᠨ ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠶᠢ ᠮᠡᠳᠡᠵᠦ᠂ ᠬᠠᠤᠯᠢ ᠴᠠᠭᠠᠵᠠ ᠶᠢᠨ ᠵᠡᠪᠰᠡᠭ ᠢ ᠨᠠᠩ ᠰᠠᠶᠢᠨ ᠠᠰᠢᠭᠯᠠᠨ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠳᠤ ᠬᠤᠬᠢᠷᠠᠯ ᠤᠴᠠᠷᠠᠭᠤᠯᠬᠤ ᠦᠭᠡᠢ ᠪᠠᠶᠢᠬᠤ ᠶᠢ ᠰᠤᠷᠴᠤ᠂ ᠨᠠᠮ ᠪᠠ ᠵᠠᠰᠠᠭ ᠤᠨ ᠣᠷᠳᠣᠨ ᠠᠴᠠ ᠮᠠᠨ ᠤ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠭᠰᠠᠨ ᠳᠤ ᠲᠠᠯᠠᠷᠬᠠᠵᠤ ᠪᠠᠶᠢᠨ᠎ᠠ︾ ᠭᠡᠵᠦ ᠰᠠᠭᠤᠭᠠᠯᠢ ᠠᠷᠠᠳ ᠤᠨ ᠲᠣᠭᠤᠷᠢᠭ ᠤᠨ ᠭᠤᠤ ᠠᠪᠠᠭ᠋ᠠᠶ ᠬᠡᠯᠡᠪᠡ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 500 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠲᠤᠬᠠᠶ ᠶᠢᠨ ᠲᠠᠯᠠᠪᠠᠶ ᠳᠤ 10 ᠭᠠᠷᠤᠶ ᠠᠰᠠᠭᠤᠳᠠᠯ ᠤᠨ ᠯᠠᠪᠯᠠᠭ᠎ᠠ ᠶᠢ ᠬᠠᠷᠢᠭᠤᠯᠵᠤ᠂ ᠪᠠᠷᠤᠭ 600 ᠭᠠᠷᠤᠶ ᠣᠯᠠᠨ ᠲᠦᠮᠡᠨ ᠰᠤᠷᠭᠠᠨ ᠬᠥᠮᠦᠵᠢᠯ ᠭᠥᠷᠳᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号