ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/3
    7 ᠰᠠᠷ᠎ᠠ ᠶᠢᠨ 2 ᠤᠨ ᠡᠳᠦᠷ᠂ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠠᠤᠬᠠᠨ ᠬᠤᠰᠢᠭᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠯᠦᠭᠯᠡᠯ᠂ ᠤᠯᠤᠰ ᠤᠨ ᠴᠠᠬᠢᠯᠭᠠᠨ ᠲᠣᠣᠷᠵᠢᠯ ᠤᠨ ᠠᠤᠬᠠᠨ ᠬᠤᠰᠢᠭᠤᠨ ᠳᠠᠬᠢ ᠴᠠᠬᠢᠯᠭᠠᠨ ᠬᠠᠩᠭᠠᠬᠤ ᠺᠣᠮᠫᠠᠨᠢ ᠪᠣᠯᠣᠨ ᠮᠧᠩ ᠭᠧ ᠯᠢ ᠪᠦᠯᠦᠭᠯᠡᠯ ᠤᠨ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃    ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠬᠡᠷᠡᠭᠵᠢᠭᠦᠯᠬᠦ ᠪᠠᠷ ᠱᠠᠭᠠᠷᠳᠠᠭᠰᠠᠨ ᠰᠢᠨ᠎ᠡ ᠡᠨᠧᠷᠭᠢ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠪᠣᠯᠤᠨ᠎ᠠ᠂ ᠠᠰᠢᠭ ᠣᠷᠣᠯᠭ᠎ᠠ ᠨᠢ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ ᠶᠤᠮ᠃ ᠲᠥᠷᠥᠯ ᠵᠦᠢᠯ ᠳᠤ ᠵᠢᠱᠢᠯᠲᠡ ᠪᠠᠷ 3.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 102.47MW ᠪᠠᠶᠢᠵᠤ᠂ 25 ᠲᠥᠷᠥᠯ ᠵᠦᠢᠯ ᠬᠤᠪᠢᠶᠠᠵᠤ᠂ ᠪᠥᠲᠥᠭᠡᠨ ᠪᠠᠶᠢᠭᠤᠯᠬᠤ ᠴᠠᠭ ᠨᠢ 2024— 2025 ᠣᠨ ᠪᠣᠯᠤᠨ᠎ᠠ᠃ ᠮᠠᠨ ᠤ ᠨᠠᠮ ᠤᠨ ᠬᠤᠷᠢᠶ᠎ᠠ ᠮᠧᠩ ᠭᠧ ᠯᠢ ᠪᠦᠯᠦᠭᠯᠡᠯ ᠢ ᠤᠷᠢᠵᠤ ᠠᠤᠬᠠᠨ ᠬᠤᠰᠢᠭᠤᠨ ᠤ ᠬᠡᠷᠡᠯ ᠴᠡᠨᠡᠭ  ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠣᠶᠢᠷ᠎ᠠ ᠶᠢᠨ ᠬᠤᠭᠤᠴᠠᠭᠠᠨ ᠳᠤ ᠮᠠᠨ ᠤ ᠨᠠᠮ ᠤᠨ ᠬᠤᠷᠢᠶ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠯᠦᠭᠯᠡᠯ ᠲᠠᠢ ᠲᠥᠷᠥᠯ ᠵᠦᠢᠯ ᠤᠨ ᠭᠠᠵᠠᠷ ᠤᠨ ᠬᠡᠰᠡᠭ ᠢ ᠠᠩᠬ᠎ᠠ ᠠᠯᠬᠤᠮ ᠬᠠᠶᠢᠨ ᠰᠢᠨᠵᠢᠬᠦ ᠠᠵᠢᠯ ᠢ ᠪᠡᠶᠡᠯᠡᠭᠦᠯᠵᠡᠶ᠂ ᠲᠣᠰ ᠤᠳᠠᠭᠠᠨ ᠤ ᠬᠤᠷᠠᠯ ᠨᠢ ᠭᠤᠤᠯᠳᠠᠭᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠭᠠᠵᠠᠷ ᠰᠣᠩᠭᠤᠬᠤ ᠠᠰᠠᠭᠤᠳᠠᠯ᠂ ᠵᠠᠮ ᠱᠤᠭᠤᠮ ᠢ ᠵᠠᠯᠭᠠᠬᠤ ᠠᠰᠠᠭᠤᠳᠠᠯ ᠵᠢᠴᠢ ᠲᠥᠰᠦᠯ ᠢ ᠰᠢᠯᠢᠳᠡᠭᠵᠢᠭᠦᠯᠬᠦ ᠵᠡᠷᠭᠡ ᠠᠰᠠᠭᠤᠳᠠᠯ ᠤᠨ ᠲᠤᠬᠠᠶ ᠰᠠᠨᠠᠯ ᠨᠢᠭᠡᠳᠴᠦ᠂ ᠲᠠᠷᠠᠭᠠᠴᠢ  ᠪᠠᠷ ᠮᠠᠨ ᠤ ᠨᠠᠮ ᠤᠨ ᠬᠤᠷᠢᠶ᠎ᠠ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠠᠵᠢᠯ ᠢᠶᠠᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠦᠷ᠎ᠡ ᠠᠰᠢᠭ ᠢ ᠦᠨᠡᠨ ᠬᠦ ᠪᠠᠳᠠᠷᠠᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号