ᠬᠡᠷᠡᠯ ᠴᠡᠨᠡᠭ ᠢᠶᠠᠷ ᠴᠠᠬᠢᠯᠭᠠᠨ ᠭᠠᠷᠭᠠᠵᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠨᠡᠷᠡᠨ ᠭᠡᠷᠡᠯᠲᠦ ᠡᠳ᠋ ᠪᠠᠶᠠᠯᠢᠭ︾ ᠢ ᠬᠠᠮᠲᠤ ᠪᠠᠷ ᠡᠳ᠋ᠯᠡᠭᠦᠯᠦᠨ᠎ᠡ
ᠨᠡᠶᠢᠲᠡᠯᠡᠭᠰᠡᠨ ᠴᠠᠭ᠄
2024/7/3
    ᠣᠶᠢᠯᠠᠭᠠᠭᠰᠠᠨ ᠢᠶᠠᠷ᠂ 2021 ᠣᠨ ᠳᠤ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠵᠡᠭᠦᠨ ᠬᠤᠶᠢᠲᠤ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠠᠴᠠ ᠪᠠᠯᠠ ᠣᠷᠣᠭᠤᠯᠤᠨ ᠨᠡᠭᠡᠭᠡᠭᠰᠡᠨ 15 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠣᠷᠤᠢ ᠶᠢᠨ ᠰᠦᠮ᠎ᠡ ᠰᠣᠮᠤ ᠶᠢᠨ ᠬᠤᠶᠠᠷ ᠤᠰᠤ ᠭᠠᠴᠠᠭ᠎ᠠ ᠳᠤ ᠰᠠᠭᠤᠷᠢᠰᠢᠪᠠ᠃ ᠲᠣᠰ ᠲᠥᠷᠥᠯ ᠵᠦᠢᠯ ᠤᠨ ᠡᠵᠡᠯᠡᠬᠦ ᠲᠠᠯᠠᠪᠠᠶ ᠨᠢ ᠪᠠᠷᠤᠭ 7000 ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 6.9 ᠳ᠋ᠦᠩᠰᠢᠭᠤᠷ ᠲᠥᠭᠦᠷᠢᠭ ᠲᠤ ᠬᠦᠷᠴᠦ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 150MW ᠪᠠᠶᠢᠵᠤ᠂ ᠡᠨᠧᠷᠭᠢ ᠬᠠᠳᠠᠭᠠᠯᠠᠬᠤ ᠬᠡᠪᠴᠢᠶ᠎ᠡ ᠨᠢ 7.5MW ᠳᠤ ᠬᠦᠷᠴᠦ᠂ ᠴᠠᠬᠢᠯᠭᠠᠨ ᠭᠠᠷᠭᠠᠬᠤ᠂ ᠡᠯᠡᠰᠦ ᠶᠢ ᠵᠠᠰᠠᠬᠤ᠂ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠣᠶᠤᠨᠴᠢ ᠡᠨᠧᠷᠭᠢ ᠶᠢᠨ ᠲᠥᠷᠥᠯ ᠵᠦᠢᠯ ᠪᠣᠯᠤᠨ᠎ᠠ᠃ ᠣᠳᠣᠬᠠᠨ ᠳᠤ ᠲᠣᠰ ᠲᠥᠷᠥᠯ  ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠣᠲᠣ ᠨᠢᠭᠡᠨᠲᠡ ᠵᠢᠯ ᠳᠤ 100 ᠲᠦᠮᠡᠨ ᠭᠷᠠᠳᠦ᠋ᠰ ᠤᠨ ᠴᠠᠬᠢᠯᠭᠠᠨ ᠡᠨᠧᠷᠭᠢ ᠦᠢᠯᠡᠳᠪᠦᠷᠢᠯᠡᠵᠦ᠂ ᠵᠢᠯ ᠪᠦᠷᠢ 6 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 30 ᠭᠠᠷᠤᠶ ᠲᠦᠮᠡᠨ ᠲᠥᠭᠦᠷᠢᠭ ᠨᠡᠮᠡᠭᠳᠡᠭᠦᠯᠵᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠶᠢᠴᠢᠯᠠᠨ ᠵᠢᠯ ᠤᠨ ᠬᠥᠮᠦᠨ ᠳᠤᠮᠳᠠᠴᠢ ᠶᠢᠨ ᠣᠷᠣᠯᠭ᠎ᠠ ᠶᠢ 286 ᠲᠥᠭᠦᠷᠢᠭ ᠨᠡᠮᠡᠭᠳᠡᠭᠦᠯᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠢᠷᠡᠯᠲᠡ ᠶᠢ ᠥᠷᠭᠡᠳᠬᠡᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠪᠡ᠃    ᠣᠶᠢᠷ᠎ᠠ ᠶᠢᠨ ᠵᠢᠯ ᠠᠴᠠ᠂ ᠣᠷᠤᠢ ᠶᠢᠨ ᠰᠦᠮ᠎ᠡ ᠰᠣᠮᠣ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠦᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠰᠢᠨ᠎ᠡ ᠡᠨᠧᠷᠬᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠭᠡᠷᠡᠯ ᠴᠡᠨᠡᠭ ᠤᠨ ᠴᠠᠬᠢᠯᠭᠠᠨ ᠦᠷᠲᠡᠭᠡ ᠶᠢ ᠡᠯᠡᠰᠦᠷᠬᠡᠭ ᠭᠠᠵᠠᠷ ᠳᠡᠭᠡᠷ᠎ᠡ ᠪᠠᠶᠢᠭᠤᠯᠵᠤ᠂ ᠭᠡᠷᠡᠯ ᠴᠡᠨᠡᠭ ᠤᠨ ᠲᠣᠨᠤᠭ ᠢ ᠪᠠᠶᠢᠷᠢᠯᠠᠭᠤᠯᠬᠤ ᠪᠠ   ᠡᠪᠡᠰᠦᠨ ᠳᠦᠷᠪᠡᠯᠵᠢᠯᠡᠭᠡᠰᠦ  ᠪᠠᠷ ᠡᠯᠡᠰᠦ ᠶᠢ ᠲᠣᠭᠲᠠᠪᠤᠷᠢᠵᠢᠭᠤᠯᠵᠤ᠂ ᠰᠠᠯᠬᠢ ᠶᠢ ᠬᠠᠯᠬᠠᠯᠠᠬᠤ ᠡᠯᠡᠰᠦ ᠶᠢ ᠬᠤᠷᠢᠭᠯᠠᠬᠤ ᠣᠢ ᠶᠢᠨ ᠪᠦᠰᠡ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠯᠡᠰᠦᠨ ᠰᠢᠭᠤᠷᠭ᠎ᠠ ᠶᠢᠨ ᠬᠤᠣᠷ ᠬᠥᠨᠥᠭᠡᠯ ᠢ ᠪᠠᠭᠠᠰᠬᠠᠵᠤ᠂ ᠭᠠᠵᠠᠷ ᠳᠡᠭᠡᠷᠡᠬᠢ ᠤᠰᠤᠨ ᠤ ᠠᠭᠤᠷᠰᠢᠯᠲᠠ ᠶᠢ ᠪᠠᠭᠠᠰᠬᠠᠵᠤ᠂ ᠤᠷᠭᠤᠮᠠᠯ ᠤᠨ ᠬᠤᠴᠢᠯᠭ᠎ᠠ ᠶᠢᠨ ᠤᠷᠭᠤᠯᠲᠠ ᠶᠢ ᠠᠬᠢᠭᠤᠯᠵᠤ᠂ ᠬᠠᠷᠢᠶ᠎ᠠ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠬᠤ ᠶᠢᠨ ᠬᠠᠮᠲᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠠᠮᠢ ᠠᠬᠤᠢ ᠰᠠᠶᠢᠬᠠᠨ᠂ ᠣᠯᠠᠨ ᠲᠦᠮᠡᠨ ᠪᠠᠶᠠᠨ ᠴᠢᠨᠡᠭᠡᠯᠢᠭ᠂ ᠦᠨᠳᠦᠰᠦᠲᠡᠨ ᠡᠶ᠎ᠡ ᠨᠠᠶᠢᠷᠠᠮᠳᠠᠭᠤ᠂ ᠪᠦᠯᠬᠦᠮᠳᠡᠯ ᠲᠣᠭᠲᠠᠭᠤᠨ᠂ ᠠᠭᠤᠰᠤᠯᠴᠠᠨ ᠬᠥᠭᠵᠢᠬᠦ ᠰᠢᠨ᠎ᠡ ᠵᠠᠮ ᠢ ᠨᠡᠭᠡᠭᠡᠵᠡᠢ᠃    ᠤᠷᠤᠢ ᠶᠢᠨ ᠰᠦᠮ᠎ᠡ ᠰᠤᠮᠤ ᠶᠢᠨ ᠳᠠᠷᠤᠭ᠎ᠠ ᠯᠢ ᠪᠠᠢ ᠯᠦᠩ ᠬᠡᠯᠡᠭᠰᠡᠨ ᠨᠢ᠂ ᠡᠨᠡᠬᠦ ᠲᠦᠷᠦᠯ ᠵᠦᠢᠯ ᠨᠢ ᠲᠤᠰᠬᠤᠨ ᠤ ᠰᠤᠯᠠ ᠪᠠᠶᠢᠬᠤ ᠭᠠᠵᠠᠷ ᠰᠢᠷᠤᠢ ᠶᠢ ᠠᠰᠢᠭᠯᠠᠵᠤ᠂ ᠭᠡᠷᠡᠯ ᠴᠡᠨᠡᠭ ᠤᠨ ᠬᠠᠪᠳᠠᠰᠤ ᠶᠢᠨ ᠳᠣᠣᠷ᠎ᠠ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠤ᠂ ᠤᠷᠭᠤᠮᠠᠯ ᠤᠨ ᠬᠤᠴᠢᠯᠭ᠎ᠠ ᠶᠢᠨ ᠠᠮᠢᠳᠤᠷᠠᠬᠤ ᠨᠤᠷᠮ᠎ᠠ ᠶᠢ ᠳᠡᠭᠡᠭᠰᠢᠯᠡᠭᠦᠯᠦᠨ᠂ ᠡᠯᠡᠰᠦ ᠶᠢ ᠵᠠᠰᠠᠬᠤ ᠶᠢᠨ ᠬᠠᠮᠲᠤ ᠪᠠᠰᠠ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠵᠢᠯ ᠪᠦᠷᠢ ᠮᠢᠩᠭ᠎ᠠ ᠭᠠᠷᠤᠢ ᠦᠬᠡᠷ ᠬᠤᠨᠢᠨ ᠳᠤ ᠴᠢᠨᠠᠷ ᠰᠠᠶᠢᠲᠠᠢ ᠲᠡᠵᠢᠭᠡᠯ ᠡᠪᠡᠰᠦ ᠬᠠᠩᠭᠠᠵᠠᠢ᠃ ᠡᠮᠦᠨ᠎ᠡ ᠨᠢ ᠲᠣᠰᠬᠤᠨ ᠤ ᠬᠠᠮᠲᠤ ᠶᠢᠨ ᠠᠵᠤ ᠠᠬᠤᠶ ᠨᠡᠯᠢᠶᠡᠳ ᠪᠠᠭᠤᠷᠠᠶ ᠪᠠᠶᠢᠵᠤ᠂ ᠭᠡᠷᠡᠯ ᠴᠡᠨᠡᠭ ᠤᠨ ᠠᠵᠤ ᠦᠢᠯᠡᠰ ᠢ ᠬᠥᠭᠵᠢᠭᠦᠯᠦᠭᠰᠡᠨ ᠤ ᠳᠠᠷᠠᠭ᠎ᠠ᠂ ᠲᠣᠰᠬᠤᠨ ᠳᠤ ᠳᠠᠷᠤᠢ ᠲᠠᠰᠤᠷᠠᠯᠲᠠ ᠥᠬᠡᠶ ᠬᠠᠮᠲᠤ ᠶᠢᠨ ᠠᠵᠤ ᠠᠬᠤᠶ ᠶᠢᠨ ᠣᠷᠣᠯᠭ᠎ᠠ ᠲᠠᠢ ᠪᠣᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠴᠦ ᠦᠨᠡᠨ ᠪᠣᠳᠠᠲᠠᠶ ᠠᠰᠢᠭ ᠣᠷᠣᠯᠭ᠎ᠠ ᠣᠯᠵᠠᠶ᠃ ᠲᠤᠬᠠᠢ ᠶᠢᠨ ᠭᠠᠵᠠᠷ ᠤᠨ ᠬᠢᠨ ᠨᠡᠩ ᠶᠡᠭᠡ ᠬᠡᠪᠴᠢᠶᠡᠨ ᠤ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠦᠷᠦᠯ ᠵᠦᠢᠯ ᠢ ᠤᠯᠬᠤ ᠪᠠᠷ ᠢᠳᠡᠪᠬᠢᠲᠡᠢ ᠴᠢᠷᠮᠠᠶᠢᠵᠤ᠂ ᠭᠡᠷᠡᠯ ᠴᠡᠨᠡᠭ ᠤᠨ ᠬᠠᠪᠲᠠᠰᠤᠨ ᠳᠣᠣᠷ᠎ᠠ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠵᠤᠭᠠᠴᠠᠯ ᠤᠨ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠶᠠᠪᠤᠬᠤ ᠲᠤᠳᠤᠮ ᠪᠠᠲᠤᠳᠬᠠᠬᠤ ᠪᠠᠷ ᠲᠥᠯᠥᠪᠵᠢᠭᠦᠯᠵᠦ ᠪᠠᠶᠢᠨ᠎ᠠ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号