ᠵᠠᠩ ᠴᠢ ᠬᠠᠩ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/3
     7 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃
C:\Users\Administrator\Desktop\1.jpg
    ᠵᠠᠩ ᠴᠢ ᠬᠠᠩ ᠨᠠᠷ ᠤᠷᠢᠳ ᠬᠤᠵᠢᠳ ᠫᠢᠩ ᠠᠨ ᠫᠦ᠋ ᠠᠴᠠ ᠴᠠᠭᠠᠨ ᠭᠤᠤᠯ ᠤᠨ ᠬᠡᠰᠡᠭ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠨᠠᠷᠢᠳ ᠤᠨ ᠭᠤᠤᠯ  ᠤᠨ ᠦᠵᠡᠮᠵᠢ ᠶᠢᠨ ᠣᠷᠣᠨ᠂ ᠶᠢᠨ ᠴᠠᠩ ᠭᠧᠤ ᠯᠢᠶᠠᠩ ᠪᠠᠯᠭᠠᠰᠤᠨ ᠤ  ᠮᠦᠭᠦ ᠶᠢᠨ ᠠᠵᠤ ᠦᠢᠯᠡᠰ ᠤᠨ ᠰᠠᠭᠤᠷᠢᠨ ᠭᠠᠵᠠᠷ᠂ ᠶᠢᠨ ᠲᠤᠤ ᠺᠣᠮᠫᠠᠨᠢ᠂ ᠱᠤᠸᠠᠩ ᠶᠢᠩ ᠠᠭᠤᠷᠬᠠᠶ ᠶᠢᠨ ᠦᠢᠯᠡᠰ᠂ ᠷᠦᠢ ᠢᠦᠶ ᠠᠭᠤᠷᠬᠠᠶ ᠶᠢᠨ ᠦᠢᠯᠡᠰ᠂ ᠴᠢᠶᠠᠨ ᠱᠠᠨ ᠠᠭᠤᠷᠬᠠᠶ ᠶᠢᠨ ᠦᠢᠯᠡᠰ᠂ ᠭᠤᠸᠠᠩ ᠶᠤᠸᠠᠨ ᠠᠵᠤ ᠦᠢᠯᠡᠳᠪᠦᠷᠢ ᠠᠷᠠᠯᠵᠢᠶ᠎ᠠ᠂ ᠶᠤᠸᠠᠨ ᠲᠦᠩ ᠠᠮᠢᠳᠤ ᠪᠣᠳᠠᠰ᠂ ᠨᠦᠬᠡᠲᠦ ᠪᠠᠯᠭᠠᠰᠤᠨ ᠤ ᠲᠥᠪ ᠤᠨ ᠨᠥᠭᠡᠴᠡ ᠠᠮᠤ ᠪᠤᠳᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠷᠥᠯ ᠵᠦᠢᠯ ᠤᠨ ᠠᠬᠢᠴᠠ᠂ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠠᠵᠢᠯ ᠤᠨ ᠲᠤᠬᠠᠶ ᠶᠢᠨ  ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
C:\Users\Administrator\Desktop\2.jpg
    ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠵᠠᠩ ᠴᠢ ᠬᠠᠩ ᠂ ᠬᠠᠷᠢᠶ᠎ᠠ ᠭᠠᠵᠠᠷ ᠤᠨ ᠬᠢᠨ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠨ ᠡᠬᠢᠯᠡᠭᠦᠯᠵᠦ᠂ ᠲᠦᠷᠭᠡᠨ ᠠᠰᠢᠭᠯᠠᠯᠲᠠ ᠳᠤ ᠣᠷᠣᠭᠤᠯᠵᠤ᠂ ᠲᠦᠷᠭᠡᠨ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠶᠢᠨ ᠬᠠᠮᠲᠤ᠂ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠠᠮᠢᠳᠤᠯᠢᠭ ᠪᠣᠯᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃
C:\Users\Administrator\Desktop\3.jpg
    ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠵᠠᠩ ᠴᠢ ᠬᠠᠩ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠠᠵᠢᠯᠯᠠᠬᠤ ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠪᠣᠯᠪᠠᠰᠤᠷᠠᠯ ᠪᠠ ᠰᠡᠷᠡᠮᠵᠢᠯᠡᠭᠦᠯᠬᠦ ᠬᠥᠮᠦᠵᠢᠯ ᠢ ᠴᠢᠩᠭᠠᠷᠠᠭᠤᠯᠤᠨ᠂ ᠠᠵᠢᠯ ᠡᠷᠭᠢᠯᠡᠭᠰᠡᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠴᠠᠭ ᠢᠮᠠᠭᠲᠠ ᠠᠩᠬᠠᠷᠴᠤ᠂ ︽ᠭᠤᠷᠪᠠ ᠶᠢ ᠵᠥᠷᠢᠴᠡᠬᠦ︾ ᠦᠢᠯᠡ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠤᠶᠤᠨᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠭᠦᠯᠵᠦ᠂ ᠭᠠᠯ ᠤᠨᠲᠠᠷᠠᠭᠠᠬᠤ  ᠲᠦᠬᠦᠭᠡᠷᠦᠮᠵᠢ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠲᠦᠬᠦᠭᠡᠷᠦᠮᠵᠢ  ᠶᠢ ᠲᠡᠭᠦᠯᠳᠡᠷᠵᠢᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠥᠨᠴᠥᠭ ᠪᠤᠯᠤᠩ ᠦᠯᠡᠳᠡᠭᠡᠬᠦ ᠦᠭᠡᠢ᠂ ᠳᠠᠯᠳᠠ ᠭᠡᠮ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
C:\Users\Administrator\Desktop\4.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号