ᠵᠠᠩ ᠶᠦᠩ ᠹᠦ᠋ ᠪᠦᠯᠬᠦᠮ ᠳᠠᠭᠠᠭᠤᠯᠤᠨ ᠱᠠᠨᠳᠦ᠋ᠩ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠡᠯᠡ  ᠲᠠᠲᠠᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/3
    ᠣᠶᠢᠷ᠎ᠠ ᠳᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠯᠠᠶᠢᠵᠸᠤ  ᠬᠤᠲᠠ ᠳᠤ ᠬᠦᠷᠴᠦ  ᠠᠷᠠᠯᠵᠢᠶᠠᠴᠢᠨ ᠤᠷᠢᠵᠤ ᠪᠠᠯᠠ ᠲᠠᠲᠠᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ᠃
C:\Users\Administrator\Desktop\10.jpg
    ᠵᠠᠩ ᠶᠦᠩ ᠹᠦ᠋ ᠨᠠᠷ ᠤᠷᠢᠳ ᠬᠤᠵᠢᠳ ᠱᠠᠨᠳᠦ᠋ᠩ ᠤᠨ ᠵᠢᠶᠤᠤ ᠵᠢᠶᠠ ᠠᠯᠳᠠᠨ ᠤ ᠠᠭᠤᠷᠬᠠᠢ᠂ ᠱᠠᠨᠳᠦ᠋ᠩ ᠤᠨ ᠠᠯᠳᠠᠨ ᠤ ᠠᠮᠢ ᠠᠬᠤᠢ ᠶᠢᠨ ᠠᠭᠤᠷᠬᠠᠢ ᠶᠢᠨ ᠦᠢᠯᠡᠰ᠂ ᠪᠠᠢ ᠶᠧ ᠰᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠯᠠᠶᠢᠵᠸᠤ ᠶᠢᠨ ᠶᠢᠨ ᠬᠠᠢ ᠠᠨ ᠠᠭᠤᠷᠬᠠᠢ ᠶᠢᠨ ᠳᠦᠭᠦᠷᠭᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠶᠠᠪᠤᠴᠠ ᠵᠢᠴᠢ ᠳᠦᠭᠦᠷᠬᠦ ᠶᠠᠪᠤᠴᠠ ᠶᠢ ᠨᠠᠷᠢᠨ ᠣᠶᠢᠯᠠᠭᠠᠭᠰᠠᠨ ᠪᠥᠭᠡᠳ ᠠᠭᠤᠷᠬᠠᠢ ᠶᠢᠨ ᠳᠦᠭᠦᠷᠭᠡ ᠶᠢᠨ ᠲᠤᠬᠠᠶ ᠶᠢᠨ ᠬᠠᠶ ᠠᠨ ᠺᠣᠮᠫᠠᠨᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃
C:\Users\Administrator\Desktop\11.jpg
    ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠯᠲᠠᠨ ᠤ ᠶᠢᠨ ᠲᠤᠤ ᠺᠣᠮᠫᠠᠨᠢ᠂ ᠤᠯᠠᠭᠠᠨᠬᠠᠳᠠ ᠶᠢᠨ ᠵᠢᠶ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
C:\Users\Administrator\Desktop\12.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号