| 7 ᠰᠠᠷ᠎ᠠ ᠶᠢᠨ 2 ᠤᠨ ᠡᠳᠦᠷ᠂ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠠᠤᠬᠠᠨ ᠬᠤᠰᠢᠭᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠯᠦᠭᠯᠡᠯ᠂ ᠤᠯᠤᠰ ᠤᠨ ᠴᠠᠬᠢᠯᠭᠠᠨ | ᠲᠣᠣᠷᠵᠢᠯ ᠤᠨ ᠠᠤᠬᠠᠨ ᠬᠤᠰᠢᠭᠤᠨ ᠳᠠᠬᠢ ᠴᠠᠬᠢᠯᠭᠠᠨ ᠬᠠᠩᠭᠠᠬᠤ ᠺᠣᠮᠫᠠᠨᠢ ᠪᠣᠯᠣᠨ ᠮᠧᠩ ᠭᠧ ᠯᠢ ᠪᠦᠯᠦᠭᠯᠡᠯ ᠤᠨ | ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃ | ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠵᠢᠴᠢ | ᠤᠯᠠᠭᠠᠨᠬᠠᠳᠠ ᠬᠤᠲᠠ ᠶᠢᠨ ᠬᠡᠷᠡᠭᠵᠢᠭᠦᠯᠬᠦ ᠪᠠᠷ ᠱᠠᠭᠠᠷᠳᠠᠭᠰᠠᠨ ᠰᠢᠨ᠎ᠡ ᠡᠨᠧᠷᠭᠢ ᠶᠢᠨ ᠶᠠᠳᠠᠭᠤ ᠶᠢ ᠲᠡᠳᠬᠦᠬᠦ ᠲᠥᠷᠥᠯ | ᠵᠦᠢᠯ ᠪᠣᠯᠤᠨ᠎ᠠ᠂ ᠠᠰᠢᠭ ᠣᠷᠣᠯᠭ᠎ᠠ ᠨᠢ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ | ᠲᠥᠯᠥᠭᠡ ᠶᠤᠮ᠃ ᠲᠥᠷᠥᠯ ᠵᠦᠢᠯ ᠳᠤ ᠵᠢᠱᠢᠯᠲᠡ ᠪᠠᠷ 3.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 102.47MW ᠪᠠᠶᠢᠵᠤ᠂ 25 ᠲᠥᠷᠥᠯ ᠵᠦᠢᠯ ᠬᠤᠪᠢᠶᠠᠵᠤ᠂ | ᠪᠥᠲᠥᠭᠡᠨ ᠪᠠᠶᠢᠭᠤᠯᠬᠤ ᠴᠠᠭ ᠨᠢ 2024— 2025 ᠣᠨ ᠪᠣᠯᠤᠨ᠎ᠠ᠃ ᠮᠠᠨ ᠤ ᠨᠠᠮ ᠤᠨ ᠬᠤᠷᠢᠶ᠎ᠠ ᠮᠧᠩ ᠭᠧ | ᠯᠢ ᠪᠦᠯᠦᠭᠯᠡᠯ ᠢ ᠤᠷᠢᠵᠤ ᠠᠤᠬᠠᠨ ᠬᠤᠰᠢᠭᠤᠨ ᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ | ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠣᠶᠢᠷ᠎ᠠ ᠶᠢᠨ ᠬᠤᠭᠤᠴᠠᠭᠠᠨ ᠳᠤ ᠮᠠᠨ ᠤ ᠨᠠᠮ ᠤᠨ ᠬᠤᠷᠢᠶ᠎ᠠ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠯᠦᠭᠯᠡᠯ ᠲᠠᠢ ᠲᠥᠷᠥᠯ ᠵᠦᠢᠯ ᠤᠨ ᠭᠠᠵᠠᠷ ᠤᠨ ᠬᠡᠰᠡᠭ ᠢ | ᠠᠩᠬ᠎ᠠ ᠠᠯᠬᠤᠮ ᠬᠠᠶᠢᠨ ᠰᠢᠨᠵᠢᠬᠦ ᠠᠵᠢᠯ ᠢ ᠪᠡᠶᠡᠯᠡᠭᠦᠯᠵᠡᠶ᠂ ᠲᠣᠰ ᠤᠳᠠᠭᠠᠨ ᠤ ᠬᠤᠷᠠᠯ ᠨᠢ ᠭᠤᠤᠯᠳᠠᠭᠤ ᠬᠡᠷᠡᠯ | ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠭᠠᠵᠠᠷ ᠰᠣᠩᠭᠤᠬᠤ ᠠᠰᠠᠭᠤᠳᠠᠯ᠂ ᠵᠠᠮ ᠱᠤᠭᠤᠮ ᠢ ᠵᠠᠯᠭᠠᠬᠤ | ᠠᠰᠠᠭᠤᠳᠠᠯ ᠵᠢᠴᠢ ᠲᠥᠰᠦᠯ ᠢ ᠰᠢᠯᠢᠳᠡᠭᠵᠢᠭᠦᠯᠬᠦ ᠵᠡᠷᠭᠡ ᠠᠰᠠᠭᠤᠳᠠᠯ ᠤᠨ ᠲᠤᠬᠠᠶ ᠰᠠᠨᠠᠯ ᠨᠢᠭᠡᠳᠴᠦ᠂ | ᠲᠠᠷᠠᠭᠠᠴᠢ ᠪᠠᠷ ᠮᠠᠨ ᠤ ᠨᠠᠮ ᠤᠨ ᠬᠤᠷᠢᠶ᠎ᠠ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠠᠵᠢᠯ ᠢᠶᠠᠨ | ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ | ᠢᠨᠵᠧᠨᠧᠷᠢᠩ ᠤᠨ ᠦᠷ᠎ᠡ ᠠᠰᠢᠭ ᠢ ᠦᠨᠡᠨ ᠬᠦ ᠪᠠᠳᠠᠷᠠᠭᠤᠯᠤᠨ᠎ᠠ᠃ | | |