ᠠᠤᠬᠠᠨ ᠬᠤᠰᠢᠭᠤ ︽ᠳᠥᠷᠪᠡ ᠶᠢ ᠠᠬᠢᠭᠤᠯᠵᠤ︾ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠪᠠᠲᠤᠯᠠᠭ᠎ᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/7/30
    2024 ᠤᠨ ᠳᠤ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠡᠤᠬᠡᠳ ᠢ ᠨᠠᠷᠢᠯᠢᠭ  ᠣᠨᠤᠪᠴᠢᠲᠠᠢ ᠪᠠᠷ ᠵᠢᠭᠰᠠᠭᠠᠨ ᠪᠠᠶᠢᠴᠠᠭᠠᠬᠤ᠂ ᠨᠠᠷᠢᠯᠢᠭ ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢᠨ ᠲᠣᠭᠤᠷᠢᠨ ᠳᠤ ᠲᠠᠰ ᠬᠤᠪᠢᠶᠠᠨ ᠠᠬᠢᠭᠤᠯᠵᠤ᠂ ᠲᠥᠷᠥᠯ ᠬᠤᠪᠢᠶᠠᠨ ᠪᠠᠲᠤᠯᠠᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠠᠪᠤᠷᠠᠨ ᠲᠤᠰᠠᠯᠠᠬᠤ ᠶᠢ ᠨᠠᠩ ᠨᠠᠷᠢᠯᠢᠭ ᠣᠨᠤᠪᠴᠢᠲᠠᠢ᠂ ᠨᠠᠩ ᠣᠯᠠᠨ ᠦᠢᠯᠡᠴᠢᠯᠡᠭᠡ ᠬᠠᠩᠭᠠᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠪᠡ᠃     ᠨᠢᠭᠡ ᠳᠤ ᠂ ᠬᠠᠮᠵᠢᠯᠴᠠᠨ ᠬᠠᠯᠠᠮᠵᠢᠯᠠᠨ ᠬᠠᠶᠢᠷᠠᠯᠠᠬᠤ ᠶᠢ ᠮᠠᠰᠢᠨᠴᠢᠯᠠᠬᠤ ᠶᠢ ᠠᠬᠢᠭᠤᠯᠤᠨ᠎ᠠ᠃ ᠬᠤᠰᠢᠭᠤᠨ ᠱᠠᠲᠤᠨ ᠤ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂  ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ᠂ ᠬᠠᠤᠯᠢ ᠴᠠᠭᠠᠵᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠪᠠ ᠨᠡᠶᠢᠭᠡᠮ ᠤᠨ ᠬᠦᠴᠦᠨ ᠬᠠᠮᠲᠤᠷᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠲᠤᠳᠤᠭᠠᠳᠤ ᠶᠢ ᠬᠠᠮᠠᠭᠠᠯᠠᠬᠤ᠂ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠵᠡᠮᠳᠡᠭᠴᠦᠳ ᠤᠨ ᠬᠤᠯᠪᠤᠭᠠᠳᠤ ᠬᠤᠷᠠᠯ ᠂ ᠰᠤᠷᠭᠠᠨ ᠭᠦᠮᠦᠵᠢᠯ᠂ ᠡᠮᠴᠢᠯᠡᠬᠡᠨ ᠤ ᠲᠠᠭᠠᠳᠬᠠᠯ ᠵᠡᠷᠬᠡ ᠨᠢᠬᠡᠴᠡ ᠲᠠᠢ ᠬᠤᠯᠪᠤᠭᠠᠯᠠᠨ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠵᠢᠨᠨᠰᠠᠭᠠᠨ ᠪᠠᠶᠢᠴᠠᠭᠠᠬᠤ ᠠᠵᠢᠯ ᠢ ᠭᠦᠳᠡᠯᠦᠩᠬᠦᠢ ᠪᠠᠷ ᠦᠷᠨᠢᠬᠦᠯᠵᠦ᠂ ᠲᠦᠢᠯ ᠤᠨ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ᠂ ᠨᠠᠷᠢᠯᠢᠭ ᠬᠠᠮᠢᠶᠠᠷᠴᠤ ᠬᠠᠮᠠᠭᠠᠯᠠᠬᠤ ᠶᠢ ᠬᠡᠷᠡᠭᠵᠢᠬᠦᠯᠦᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠢᠳᠡᠪᠬᠢᠳᠡᠢ ᠪᠠᠷ ᠦᠰᠦᠨ ᠪᠤᠶᠢᠵᠢᠬᠤ ᠳᠤ ᠭᠦᠴᠦᠯᠡᠨ ᠲᠡᠮᠵᠢᠨ᠎ᠠ᠃     ᠬᠤᠶᠠᠷ ᠲᠤ ᠂ ᠠᠪᠤᠷᠠᠨ ᠲᠤᠰᠠᠯᠠᠬᠤ ᠪᠠᠲᠤᠯᠠᠭ᠎ᠠ ᠶᠢ ᠨᠠᠷᠢᠯᠢᠭ ᠣᠨᠣᠪᠴᠢᠲᠠᠢ ᠪᠣᠯᠭᠠᠬᠤ ᠶᠢ ᠠᠬᠢᠭᠤᠯᠤᠨ᠎ᠠ᠃ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠶᠢ ᠴᠢᠩᠭᠠᠳᠬᠠᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠪᠠᠳᠤᠯᠠᠬᠤ ᠲᠦᠷᠦ ᠶᠢᠨ ᠪᠤᠳᠤᠯᠭ᠎ᠠ ᠶᠢ ᠠᠩᠭᠢᠯᠠᠵᠦ ᠬᠡᠷᠡᠭᠵᠢᠬᠦᠯᠦᠨ᠂ ᠨᠦᠭᠦᠴᠡᠯ ᠳᠤ ᠨᠡᠶᠢᠴᠡᠭᠰᠡᠨ ᠨᠠᠰᠤᠨ ᠳᠤ ᠦᠯᠦ ᠭᠦᠷᠦᠭᠰᠡᠳ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠤᠨᠴᠠ ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠵᠦ ᠲᠡᠳᠬᠦᠨ ᠲᠡᠵᠢᠬᠡᠬᠦ ᠵᠡᠷᠬᠡ ᠨᠡᠶᠢᠬᠡᠮ ᠤᠨ ᠠᠪᠤᠷᠠᠨ ᠲᠤᠰᠠᠯᠠᠬᠤ ᠬᠡᠪᠴᠢᠶᠡᠨ ᠳᠤ ᠤᠷᠤᠭᠤᠯᠬᠤ ᠬᠡᠷᠡᠭᠳᠡᠢ᠃ ︽ᠲᠥᠷᠥ ᠶᠢᠨ ᠪᠣᠳᠣᠯᠭ᠎ᠠ ᠪᠠᠷ ᠬᠥᠮᠦᠨ ᠢ ᠡᠷᠢᠬᠦ︾᠂ ︽ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ︾ ᠠᠷᠭ᠎ᠠ ᠮᠠᠶ᠋ᠢᠭ ᠢᠶᠠᠷ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠡᠭᠡᠷ᠎ᠡ ᠬᠠᠭᠠᠰ ᠵᠢᠯ ᠳᠤ ᠨᠡᠶᠢᠲᠡ 186 ᠡᠷᠦᠬᠡ ᠶᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ᠂ 5 ᠥᠨᠥᠴᠢᠨ ᠬᠡᠦᠬᠡᠳ ᠢ ᠰᠢᠨ᠎ᠡ ᠪᠠᠷ ᠬᠢᠨᠠᠨ ᠵᠥᠪᠰᠢᠶᠡᠷᠡᠵᠦ᠂ 13 ᠥᠨᠥᠴᠢᠨ ᠬᠡᠦᠬᠡᠳ ᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠪᠠᠶᠢᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠪᠠ᠃ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠥᠨᠥᠴᠢᠨ ᠬᠡᠦᠬᠡᠳ᠂ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1440 ᠲᠥᠭᠦᠷᠢᠭ ᠪᠠᠶᠢᠭᠰᠠᠨ ᠠᠴᠠ ᠬᠥᠮᠦᠨ ᠪᠦᠷᠢ ᠰᠠᠷ᠎ᠠ ᠳᠤ 1600 ᠲᠥᠭᠦᠷᠢᠭ ᠪᠣᠯᠭᠠᠨ ᠳᠡᠭᠡᠭᠰᠢᠯᠡᠭᠦᠯᠪᠡ᠃     ᠭᠤᠷᠪᠠ ᠳᠤ ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠣᠯᠠᠨ ᠡᠰᠢᠵᠢᠭᠦᠯᠬᠦ ᠶᠠᠪᠤᠳᠠᠯ ᠢ  ᠠᠬᠢᠭᠤᠯᠤᠨ᠎ᠠ᠃ ︽ᠬᠦᠰᠡᠯ ᠵᠡᠭᠦᠳᠦ ᠪᠠᠨ ᠲᠡᠷᠭᠡᠯᠰᠢᠭᠦᠯᠬᠦ︾ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ ᠢ ᠠᠬᠢᠭᠤᠯᠵᠤ᠂ ᠡᠨᠡ ᠵᠢᠯ ᠠᠴᠠ ᠨᠠᠰᠢ 11 ᠥᠨᠥᠴᠢᠨ ᠬᠡᠦᠬᠡᠳ ᠲᠤ ︽ᠬᠦᠰᠡᠯ ᠵᠡᠭᠦᠳᠦ ᠪᠠᠨ ᠲᠡᠷᠭᠡᠯᠰᠢᠭᠦᠯᠬᠦ · ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ︾ ᠪᠡᠯᠡ ᠮᠥᠩᠭᠦ ᠶᠢ 5.5 ᠲᠦᠮᠡᠨ ᠲᠥᠭᠦᠷᠢᠭ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ︽ᠵᠢᠭᠦᠷ ᠨᠡᠮᠡᠷᠢᠯᠡᠬᠦ ᠲᠥᠯᠥᠪᠯᠡᠭᠡ︾ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ ᠂ ᠪᠥᠬᠦ ᠬᠤᠰᠢᠭᠤᠨ ᠤ ᠬᠡᠰᠡᠭ ᠥᠨᠥᠴᠢᠨ ᠬᠡᠤᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ 301 ᠬᠡᠦᠬᠡᠳ ᠢ ᠵᠣᠬᠢᠶᠠᠨ ᠪᠠᠶᠢᠭᠤᠯᠵᠤ ᠲᠥᠷᠥᠯᠬᠢ ᠵᠢᠷᠦᠬᠡᠨ ᠡᠪᠡᠳᠴᠢᠨ ᠤ ᠰᠢᠭᠰᠢᠨ ᠪᠠᠶᠢᠴᠠᠭᠠᠯᠲᠠ ᠶᠢ ᠥᠷᠨᠢᠭᠦᠯᠪᠡ᠃ ᠣᠳᠣᠬᠠᠨ ᠳᠤ ᠪᠦᠬᠦ ᠬᠤᠰᠢᠭᠤᠨ ᠳᠤ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠠᠮᠤᠷ ᠢ ᠬᠠᠮᠠᠭᠠᠯᠠᠬᠤ ᠥᠷᠲᠡᠭᠡ 18᠂ ᠭᠠᠴᠠᠭ᠎ᠠ ᠲᠣᠰᠬᠤᠨ ︵ᠰᠠᠭᠤᠭᠠᠯᠢ︶ ︽ᠬᠡᠦᠬᠡᠳ ᠤᠨ ᠭᠡᠷ︾ 4 ᠪᠠᠶᠢᠵᠤ᠂ ᠬᠡᠦᠬᠡᠳ ᠤᠨ ᠭᠡᠷ ᠲᠤ ᠲᠦᠰᠢᠭᠯᠡᠨ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠭᠡᠷ ᠪᠦᠯᠢ ᠶᠢᠨ ᠠᠵᠢᠯᠯᠠᠭ᠎ᠠ ᠶᠢ 16 ᠲᠠᠯᠠᠪᠤᠷ ᠥᠷᠨᠢᠭᠦᠯᠪᠡ᠃ ᠵᠤᠨ ᠤ ᠠᠮᠠᠷᠠᠯᠲᠠ ᠶᠢᠨ ᠬᠤᠭᠤᠴᠠᠭᠠᠨ ᠳᠤ ᠨᠡᠭᠦᠳᠡᠯ ᠬᠡᠤᠬᠡᠳ ᠬᠢᠭᠡᠳ ᠬᠡᠷ ᠲᠡᠭᠡᠨ ᠬᠤᠴᠣᠷᠤᠭᠰᠠᠨ ᠬᠡᠤᠬᠡᠳ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠨᠡᠭᠦᠳᠡᠯ ᠬᠡᠤᠬᠡᠳ ᠪᠠ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠪᠥᠬᠦ ᠬᠤᠰᠢᠭᠤᠨ ᠳᠤ ᠨᠡᠭᠦᠳᠡᠯ ᠬᠡᠤᠬᠡᠳ 143᠂ ᠬᠡᠷ ᠲᠡᠭᠡᠨ ᠬᠤᠴᠣᠷᠤᠭᠰᠠᠨ ᠬᠡᠤᠬᠡᠳ 443 ᠬᠥᠮᠦᠨ ᠢ ᠵᠢᠭᠰᠠᠭᠠᠨ ᠪᠠᠶᠢᠴᠠᠭᠠᠵᠤ ᠭᠠᠷᠭᠠᠪᠠ᠃     ᠳᠦᠷᠪᠡ ᠳᠤ ᠂ ᠤᠬᠠᠭᠤᠯᠭ᠎ᠠ ᠪᠣᠯᠪᠠᠰᠤᠷᠠᠯ ᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠪᠥᠬᠦ ᠬᠤᠰᠢᠭᠤᠨ ᠤ ᠬᠡᠦᠬᠡᠳ ᠤᠨ ᠬᠢᠨᠠᠨ ᠵᠢᠯᠣᠭᠤᠳᠤᠭᠴᠢ ᠪᠠ ᠬᠡᠦᠬᠡᠳ ᠤᠨ ᠡᠷᠬᠢᠯᠡᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠯ ᠳᠤ ᠣᠷᠣᠯᠴᠠᠭᠤᠯᠵᠤ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠡᠦᠬᠡᠳ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ ᠬᠡᠤᠬᠡᠳ ᠤᠨ ᠬᠢᠨᠠᠨ ᠵᠢᠯᠣᠭᠤᠳᠣᠭᠴᠢ᠂ ᠬᠡᠤᠬᠡᠳ ᠤᠨ ᠡᠷᠬᠢᠯᠡᠭᠴᠢ ᠶᠢᠨ ᠦᠷ᠎ᠡ ᠠᠰᠢᠭ ᠢ ᠨᠡᠮᠡᠭᠳᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠨᠡᠶᠢᠲᠡ 270 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ ᠡᠨᠡ ᠵᠢᠯ ᠠᠴᠠ ᠨᠠᠰᠢ ᠬᠡᠤᠬᠡᠳ ᠤᠨ ᠬᠢᠨᠠᠨ ᠵᠢᠯᠣᠭᠤᠳᠤᠭᠴᠢ ᠪᠠ ᠬᠡᠤᠬᠡᠳ ᠤᠨ ᠡᠷᠬᠢᠯᠡᠭᠴᠢ ᠶᠢ ᠨᠡᠶᠢᠲᠡ 510 ᠬᠥᠮᠦᠨ ᠤᠳᠠᠭ᠎ᠠ ᠪᠣᠯᠪᠠᠰᠤᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 1500 ᠭᠠᠷᠤᠶ ᠬᠤᠪᠢ ᠲᠠᠷᠬᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号