ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠡᠵᠡᠮᠳᠡᠬᠦ ᠲᠥᠪ ᠤᠨ ᠠᠤᠬᠠᠨ ᠬᠤᠰᠢᠭᠤᠨ ᠳᠠᠬᠢ ᠬᠤᠪᠢᠶᠠᠷᠢ ᠲᠥᠪ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠪᠡ
ᠨᠡᠶᠢᠲᠡᠯᠡᠭᠰᠡᠨ ᠴᠠᠭ᠄
2024/7/30
     ᠣᠶᠢᠷ᠎ᠠ ᠳᠤ᠂ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠢᠨᠠᠨ ᠡᠵᠡᠮᠳᠡᠬᠦ ᠲᠥᠪ ᠤᠨ ᠠᠤᠬᠠᠨ ᠬᠤᠰᠢᠭᠤᠨ ᠳᠠᠬᠢ ᠬᠤᠪᠢᠶᠠᠷᠢ ᠲᠥᠪ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠤᠰᠤᠨ ᠤ ᠴᠢᠨᠠᠷ ᠲᠡᠮᠦᠷ᠂ ᠮᠠᠩᠭᠠᠨ᠂ ᠵᠡᠰ᠂ ᠴᠠᠶᠢᠷ᠂ ᠰᠢᠪᠲᠦᠷᠲᠦ ᠠᠽᠣᠲ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶᠡᠨ ᠤ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ᠂ ᠬᠢᠨᠠᠨ ᠰᠢᠯᠭᠠᠬᠤ ᠳᠤ ᠣᠷᠣᠯᠴᠠᠭᠰᠠᠨ ᠡᠯ᠎ᠡ ᠵᠦᠢᠯ ᠤᠨ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠪᠦᠬᠦᠨ ᠢᠶᠠᠷ ᠢᠶᠠᠨ ︽ᠬᠠᠨᠤᠮᠵᠢᠲᠠᠶ︾ ᠦᠷ᠎ᠡ ᠳ᠋ᠦᠩ ᠤᠯᠪᠠ᠃    ᠴᠢᠳᠠᠪᠤᠷᠢ ᠶᠢᠨ ᠰᠢᠯᠭᠠᠨ ᠪᠠᠲᠤᠯᠠᠯᠲᠠ ᠨᠢ ᠨᠢᠭᠡ ᠲᠤᠷᠰᠢᠯᠲᠠ ᠶᠢᠨ ᠲᠠᠰᠤᠭ ᠲᠤ ᠶᠠᠮᠠᠷ ᠨᠢᠭᠡᠨ ᠬᠢᠨᠠᠨ ᠬᠡᠮᠵᠢᠯᠲᠡ ᠶᠢᠨ ᠠᠵᠢᠯᠯᠠᠭ᠎ᠠ ᠥᠷᠨᠢᠭᠦᠯᠦᠭᠰᠡᠨ ᠡᠰᠡᠬᠦ᠂ ᠬᠠᠤᠯᠢ ᠶᠣᠰᠣᠨ ᠤ ᠬᠦᠴᠦᠨ ᠪᠦᠬᠦᠢ ᠬᠢᠨᠠᠨ ᠬᠡᠮᠵᠢᠯᠲᠡ ᠶᠢᠨ ᠮᠡᠳᠡᠭᠦᠯᠦᠯᠲᠡ ᠭᠠᠷᠭᠠᠬᠤ ᠴᠢᠳᠠᠪᠤᠷᠢ ᠪᠠᠶᠢᠬᠤ ᠡᠰᠡᠬᠦ ᠶᠢ ᠦᠨᠡᠯᠡᠵᠦ ᠴᠢᠳᠠᠨ᠎ᠠ᠃ ᠡᠭᠦᠨ ᠤ ᠵᠣᠷᠢᠯᠭ᠎ᠠ ᠨᠢ ᠲᠤᠷᠰᠢᠯᠲᠠ ᠶᠢᠨ ᠲᠠᠰᠤᠭ ᠤᠨ ᠠᠵᠢᠯᠯᠠᠭᠠᠨ ᠨᠢ ᠶᠠᠰᠤ ᠴᠢᠨᠠᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠵᠤ᠂ ᠭᠠᠷᠭᠠᠭᠰᠠᠨ ᠦᠷ᠎ᠡ ᠳ᠋ᠦᠩ ᠨᠢ ᠡᠷᠬᠡ ᠲᠡᠭᠰᠢ ᠲᠥᠪ ᠭᠤᠣᠯᠴᠢ᠂ ᠬᠠᠤᠯᠢ ᠶᠣᠰᠣᠨ ᠤ ᠬᠦᠴᠦᠨ ᠲᠠᠢ ᠪᠠᠶᠢᠬᠤ ᠶᠢ ᠪᠠᠲᠤᠯᠠᠬᠤ ᠶᠠᠪᠤᠳᠠᠯ ᠪᠣᠯᠤᠨ᠎ᠠ᠃ 2018 ᠣᠨ ᠠᠴᠠ ᠨᠠᠰᠢ᠂ ᠠᠤᠬᠠᠨ ᠬᠤᠰᠢᠭᠤᠨ ᠳᠠᠬᠢ ᠬᠤᠪᠢᠶᠠᠷᠢ ᠲᠥᠪ ᠨᠢᠭᠡᠨᠲᠡ 5 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ᠴᠢᠳᠠᠪᠤᠷᠢ ᠶᠢᠨ ᠰᠢᠯᠭᠠᠨ ᠬᠢᠨᠠᠯᠲᠠ ᠶᠢ ᠤᠷᠤᠭᠰᠢᠲᠠᠶ ᠥᠩᠭᠡᠷᠡᠭᠦᠯᠵᠦ᠂ ᠦᠨᠡᠯᠡᠭᠰᠡᠨ ᠦᠷ᠎ᠡ ᠳ᠋ᠦᠩ ᠨᠢ ᠴᠥᠮ ︽ᠬᠠᠨᠤᠮᠵᠢᠲᠠᠶ︾ ᠪᠠᠶᠢᠵᠤ᠂ ᠡᠶᠢᠮᠦ ᠰᠢᠯᠢᠳᠡᠭ ᠬᠢᠷᠢ ᠪᠦᠲᠦᠮᠵᠢ ᠣᠯᠤᠭᠰᠠᠨ ᠨᠢ ᠠᠤᠬᠠᠨ ᠬᠤᠰᠢᠭᠤᠨ ᠳᠠᠬᠢ ᠬᠤᠪᠢᠶᠠᠷᠢ ᠲᠥᠪ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠴᠢᠳᠠᠪᠤᠷᠢ ᠶᠢᠨ ᠨᠤᠲᠠᠯᠠᠯᠲᠠ ᠪᠣᠯᠤᠨ᠎ᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠳᠠᠬᠢ ᠬᠤᠪᠢᠶᠠᠷᠢ ᠲᠥᠪ ᠨᠢ ᠲᠣᠰ ᠤᠳᠠᠭᠠᠨ ᠤ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠢ ᠡᠵᠡᠮᠳᠡᠬᠦ ᠠᠷᠭ᠎ᠠ ᠪᠠᠷᠢᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠵᠢᠷᠤᠮᠵᠢᠭᠤᠯᠵᠤ᠂ ᠲᠤᠷᠰᠢᠯᠲᠠ ᠶᠢᠨ ᠲᠠᠰᠤᠭ ᠤᠨ ᠵᠠᠳᠠᠯᠤᠨ ᠰᠢᠨᠵᠢᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠ ᠮᠡᠳᠡᠭᠦᠯᠦᠯᠲᠡ ᠶᠢᠨ ᠣᠨᠣᠪᠴᠢᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠪᠠᠲᠤᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤᠮᠳᠠᠬᠢ ︽ᠲᠤᠯᠭᠠᠭᠤᠷᠢ︾᠂ ︽ᠠᠮᠢᠨ ᠰᠤᠳᠠᠰᠤ︾ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠦᠴᠦᠲᠡᠶ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号