ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/30
    7 ᠰᠠᠷ᠎ᠠ ᠶᠢᠨ 25 ᠤ ᠡᠳᠦᠷ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ ᠵᠧᠤ ᠵᠠᠨ ᠯᠢ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠵᠢᠴᠢ ᠬᠤᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ᠂ ᠹᠦ᠋ ᠯᠦᠩ ᠪᠦᠯᠦᠭᠯᠡᠯ᠂ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ ᠪᠠ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠭᠤᠤᠯ ᠬᠠᠷᠢᠭᠤᠴᠠᠯᠭᠠᠲᠠᠨ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠥᠭᠵᠢᠯᠲᠡ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
C:\Users\Administrator\Desktop\1.jpg
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠬᠤᠰᠢᠭᠤᠨ ᠤ ᠲᠠᠷᠢᠶᠠᠨ ᠭᠠᠵᠠᠷ ᠤᠨ ᠨᠠᠷᠢᠮᠤ ᠶᠢᠨ ᠪᠦᠯᠦᠭᠯᠡᠯ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠲᠠᠰᠤᠭ᠂ ᠠᠤᠬᠠᠨ ᠬᠤᠰᠢᠭᠤᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠭᠠᠷᠤᠯᠲᠠ ᠶᠢᠨ ᠭᠠᠵᠠᠷ ᠤᠨ ᠬᠥᠮᠥᠷᠭᠡ ᠪᠠ ᠨᠠᠷᠢᠮᠤ ᠶᠢᠨ ᠮᠦᠽᠧᠶ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠮᠣ ᠳ᠋ᠠᠶᠢᠲ᠋ᠠ ᠶᠢᠨ ᠲᠥᠪ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠤᠬᠠᠨ ᠬᠤᠰᠢᠭᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠭᠰᠡᠨ ᠪᠠᠶᠢᠳᠠᠯ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠭᠡᠷᠡᠴᠢᠯᠡᠯᠲᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ  ᠬᠤᠷᠠᠯᠳᠤᠪᠠ᠃
C:\Users\Administrator\Desktop\2.jpg
    ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠠᠷᠢᠭᠤᠴᠠᠯᠭᠠᠲᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠥᠭᠵᠢᠯᠲᠡ ᠡᠵᠡᠩᠨᠡᠯᠲᠡ ᠶᠢᠨ ᠦᠨᠳᠦᠰᠦᠨ ᠪᠠᠶᠢᠳᠠᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠪᠠᠨ ᠬᠠᠷᠢᠭᠤ ᠮᠡᠳᠡᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠤᠷᠠᠯ ᠳᠤ ᠣᠷᠣᠯᠴᠠᠭᠰᠠᠳ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠠᠮᠢᠶᠠᠷᠤᠯᠲᠠ ᠶᠢᠨ ᠣᠳᠣᠬᠢ ᠪᠠᠶᠢᠳᠠᠯ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠪᠣᠯᠤᠨ ᠮᠠᠨ ᠤ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠥᠭᠵᠢᠯᠲᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠵᠣᠷᠢᠭᠲᠠᠶ ᠪᠠᠷ ᠰᠢᠨ᠎ᠡ ᠶᠢ ᠡᠭᠦᠳᠴᠦ᠂ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠦᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃
 C:\Users\Administrator\Desktop\3.jpg
   ᠵᠠᠩ ᠴᠢ ᠬᠠᠩ ᠠᠴᠠ᠂ ᠠᠤᠬᠠᠨ  ᠬᠤᠰᠢᠭᠤ ᠨᠢ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠠᠵᠢᠯᠲᠠᠨ ᠤ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠲᠠ ᠥᠬᠡᠶ  ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号