ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 71 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2024/7/30
     ᠣᠷᠴᠢᠮ ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 71 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ  ᠬᠤᠷᠠᠯᠳᠤᠪᠠ᠃
C:\Users\Administrator\Desktop\10.jpg
    ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ︔ ᠪᠥᠬᠦ ᠬᠤᠰᠢᠭᠤᠨ ᠤ 1—6 ᠰᠠᠷ᠎ᠠ ᠶᠢᠨ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠨᠠᠮ ᠤᠨ ᠭᠡᠰᠢᠭᠦᠨ ᠺᠠᠳ᠋ᠷ ᠤᠨ ᠤᠨᠤᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠰᠤᠷᠤᠯᠴᠠᠯᠭ᠎ᠠ ᠪᠣᠯᠪᠠᠰᠤᠷᠠᠯ ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠤ ᠰᠣᠨᠣᠰᠴᠤ ᠣᠶᠢᠯᠠᠭᠠᠬᠤ᠂ ᠣᠶᠢᠯᠠᠭᠠᠵᠤ ᠳᠡᠶᠢᠯᠬᠦ ᠦᠭᠡ ᠬᠡᠯᠡ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠢ ᠶᠠᠷᠢᠵᠤ᠂ ᠣᠶᠢᠯᠠᠭᠠᠮᠵᠢᠲᠠᠢ ᠶᠠᠷᠢᠵᠤ᠂ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠪᠣᠯᠤᠨ ᠦᠨᠳᠦᠰᠦᠨ ᠴᠢᠭᠯᠡᠯ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠣᠯᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠢᠳᠡᠪᠬᠢᠲᠡᠢ ᠪᠠᠷ ᠰᠢᠨ᠎ᠡ ᠶᠢ ᠡᠭᠦᠳᠴᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠠᠤᠬᠠᠨ ᠬᠤᠰᠢᠭᠤᠨ ᠳᠤ ᠪᠣᠳᠠᠲᠠᠢ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂  ᠠᠷᠠᠯᠵᠢᠶᠠᠴᠢᠨ ᠤᠷᠢᠵᠤ ᠪᠠᠯᠠ ᠲᠠᠲᠠᠬᠤ ᠵᠡᠷᠭᠡ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠵᠢᠯ ᠣᠯᠭᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠦᠢᠯᠡᠰ ᠪᠤᠰᠬᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠢᠯ ᠣᠯᠭᠤᠯᠲᠠ ᠶᠢᠨ ᠣᠷᠣᠨ ᠵᠠᠢ ᠪᠠ ᠠᠷᠭ᠎ᠠ ᠵᠠᠮ ᠢ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠨᠡᠩ ᠤᠯᠠᠨ ᠠᠵᠢᠯ ᠤᠨ ᠪᠠᠶᠢᠷᠢ ᠶᠢ ᠡᠭᠦᠳᠴᠦ᠂ ᠤᠶᠤᠲᠠᠳ᠂ ᠴᠡᠷᠢᠭ ᠠᠴᠠ ᠬᠠᠯᠠᠭᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠭᠤᠣᠯᠳᠠᠯᠭ᠎ᠠ ᠲᠠᠢ ᠬᠥᠮᠦᠰ ᠤᠨ ᠴᠢᠨᠠᠷ ᠰᠠᠶᠢᠲᠠᠢ ᠭᠦᠢᠴᠡᠳ ᠠᠵᠢᠯ ᠤᠯᠬᠤ ᠶᠢ ᠠᠬᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠥᠨᠢ ᠤᠳᠠᠭᠠᠨ  ᠲᠡᠦᠬᠡᠨ ᠠᠴᠠ ᠡᠮᠦᠨᠡᠬᠢ ᠰᠣᠶᠣᠯ ᠪᠠ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠤ ᠳᠠᠪᠠᠭᠤᠯᠢᠭ ᠲᠤ ᠲᠦᠰᠢᠭᠯᠡᠨ᠂ ᠭᠤᠣᠯᠳᠠᠯᠭ᠎ᠠ ᠶᠢ ᠳᠤᠪᠤᠶᠢᠯᠭᠠᠵᠤ᠂ ᠬᠢᠯᠠᠰ ᠴᠡᠭ ᠢ ᠡᠭᠦᠳᠴᠦ᠂ ᠨᠢᠭᠡ ᠪᠦᠯᠦᠭ ᠬᠥᠭᠵᠢᠯᠲᠡ ᠶᠢᠨ ᠢᠷᠡᠭᠡᠳᠦᠢ ᠰᠠᠶᠢᠨ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠬᠦᠴᠦᠯᠡᠨ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ  ᠲᠣᠣᠷᠵᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠥᠲᠥᠭᠡᠨ ᠪᠠᠶᠢᠭᠤᠯᠵᠤ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠥᠭᠦᠮ ᠣᠶᠢᠯᠠᠭᠠᠮᠵᠢᠲᠠᠢ ᠠᠵᠢᠯ ᠤᠨ ᠪᠡᠯᠡᠳᠬᠡᠯ ᠲᠥᠰᠦᠯ ᠢ ᠲᠣᠭᠲᠠᠭᠠᠵᠤ᠂ ᠴᠠᠭ ᠠᠭᠤᠷ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠴᠠᠭ ᠲᠤᠬᠠᠢ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ᠂ ᠡᠳ᠋ ᠪᠣᠳᠠᠰ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠵᠡᠷᠭᠡ ᠠᠵᠢᠯ ᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ  ᠭᠡᠵᠦ ᠴᠢᠬᠤᠯᠠᠴᠢᠯᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠢᠨᠠᠯᠲᠠ ᠲᠠᠯᠪᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃     ᠬᠤᠷᠠᠯ ᠠᠴᠠ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠨᠢᠭᠡᠳᠦᠯᠲᠡᠢ ᠲᠥᠯᠥᠪᠵᠢᠭᠦᠯᠵᠦ᠂ ︽ᠪᠠᠶᠢᠴᠠᠭᠠᠬᠤ᠂ ᠥᠭᠡᠷᠡᠴᠢᠯᠡᠬᠦ᠂ ᠵᠠᠰᠠᠬᠤ︾ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠰᠢᠰᠲ᠋ᠧᠮ ᠲᠠᠢ ᠪᠠᠷ ᠵᠠᠰᠠᠵᠤ᠂ ᠥᠩᠭᠡ ᠦᠨᠳᠦᠰᠦ  ᠶᠢ ᠨᠢ ᠬᠠᠮᠳᠤᠳᠠ ᠨᠢ ᠵᠠᠰᠠᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠰᠡᠷᠡᠮᠵᠢᠯᠡᠭᠦᠯᠬᠦ ᠬᠥᠮᠦᠵᠢᠯ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠪᠦᠬᠦᠯᠢ ᠴᠣᠭᠴᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ  ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠰᠠᠭᠠᠲᠠᠪᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠥᠬᠦᠳ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号