ᠥᠪᠡᠷᠲᠡᠭᠡᠨ ᠵᠠᠰᠠᠬᠤ ᠣᠷᠣᠨ ᠤ ᠥᠷᠲᠡᠭᠡ ᠶᠢᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2024/7/30
     7 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠪᠰᠤᠷᠤᠨ ᠲᠡᠳᠬᠦᠬᠦ ᠭᠠᠵᠠᠷ ᠤᠨ ᠳᠠᠷᠤᠭ᠎ᠠ ᠯᠦᠸᠧ ᠯᠢ ᠶᠢᠨ ᠳᠠᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠥᠷᠲᠡᠭᠡ ᠶᠢᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠲᠢᠶᠧ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠪᠠ᠃
C:\Users\Administrator\Desktop\30.jpg
    ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠰᠢᠨ ᠾᠦᠢ ᠪᠠᠯᠭᠠᠰᠤ ᠶᠢᠨ ᠬᠠᠳᠠᠲᠤ ᠲᠣᠰᠬᠤᠨ᠂ ᠰᠠᠯᠪᠤᠷᠢ ᠰᠢᠶᠠᠩ ᠤᠨ ᠵᠠᠩ ᠵᠢᠶᠠ ᠶᠢᠩᠽᠢ ᠲᠣᠰᠬᠤᠨ᠂ ᠰᠢᠩ ᠯᠦᠩ ᠸᠠ ᠪᠠᠯᠭᠠᠰᠤ ᠶᠢᠨ ᠱᠢ ᠲᠧᠦ ᠵᠢᠩ ᠲᠣᠰᠬᠤᠨ ᠳᠤ ᠬᠦᠷᠴᠦ ᠰᠤᠷᠪᠤᠯᠵᠢᠯᠠᠵᠤ᠂ ᠰᠢᠶᠠᠩ ᠪᠠᠯᠭᠠᠰᠤ᠂ ᠲᠣᠰᠬᠤᠨ ᠤ ᠺᠠᠳ᠋ᠷ᠂ ᠤᠯᠠᠨ ᠲᠦᠮᠡᠨ ᠵᠡᠷᠭᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠦᠭᠰᠢᠭᠦᠷᠢ ᠶᠢ ᠬᠢᠨᠠᠨ ᠬᠡᠮᠵᠢᠬᠦ ᠡᠲᠡᠭᠡᠳ ᠨᠢ  ᠦᠭᠡᠶᠢᠰᠬᠡᠬᠦ ᠪᠠᠷᠢᠮᠵᠢᠶ᠎ᠠ ᠳᠤ ᠨᠡᠶᠢᠴᠡᠭᠰᠡᠨ ᠡᠰᠡᠬᠦ ᠵᠢᠴᠢ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠪᠠ᠃ ᠵᠢᠯᠣᠭᠤᠳᠬᠤ ᠳᠤᠭᠤᠶᠢᠯᠠᠩ ᠠᠴᠠ᠂ ᠠᠤᠬᠠᠨ ᠬᠤᠰᠢᠭᠤ ᠬᠤᠶᠠᠳᠤᠭᠠᠷ ᠤᠯᠠᠷᠢᠯ ᠳᠤ ᠲᠦᠭᠰᠢᠭᠦᠷᠢ ᠶᠢ ᠬᠢᠨᠠᠨ ᠬᠡᠮᠵᠢᠬᠦ ᠡᠲᠡᠭᠡᠳ ᠢ ᠡᠷᠦᠬᠡ ᠳᠤ ᠬᠦᠷᠴᠦ ᠳᠠᠬᠢᠨ ᠬᠢᠨᠠᠬᠤ ᠠᠵᠢᠯ ᠢ ᠳᠠᠷᠤᠶ ᠲᠦᠷᠭᠡᠨ ᠥᠷᠨᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ ᠭᠡᠵᠦ ᠵᠢᠭᠠᠨ ᠭᠠᠷᠭᠠᠪᠠ᠃ ᠵᠢᠯᠣᠭᠤᠳᠬᠤ ᠳᠤᠭᠤᠶᠢᠯᠠᠩ ᠠᠴᠠ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠷᠭᠦᠯᠵᠢᠯᠡᠨ ᠪᠠᠲᠤᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠬᠠᠪᠰᠤᠷᠤᠨ ᠲᠡᠳᠬᠦᠬᠦ ᠲᠣᠭᠲᠠᠴᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠠᠭᠠᠴᠢ ᠶᠢᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠠᠴᠠ ᠭᠠᠳᠠᠨ᠎ᠠ᠂ ᠡᠷᠦᠬᠡ ᠳᠤ ᠣᠷᠣᠬᠤ ᠬᠤᠭᠤᠴᠠᠭᠠᠨ ᠳᠤ ᠵᠢᠯᠣᠭᠤᠳᠬᠤ ᠳᠤᠭᠤᠶᠢᠯᠠᠩ ᠤᠨ ᠬᠢᠨ ᠪᠠᠰᠠ ᠤᠲᠠᠰᠤ ᠪᠠᠷ ᠶᠠᠷᠢᠯᠴᠠᠬᠤ ᠬᠡᠯᠪᠡᠷᠢ ᠪᠠᠷ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ ᠪᠥᠬᠦᠶ ᠭᠠᠵᠠᠷ ᠲᠠᠰᠤᠭ ᠤᠨ ᠤᠳᠤᠷᠢᠳᠤᠯᠭ᠎ᠠ ᠳᠤ ᠭᠤᠤᠯᠳᠠᠯᠭ᠎ᠠ ᠲᠠᠢ ᠬᠠᠷᠠᠭᠠᠯᠵᠠᠬᠤ ᠡᠷᠦᠬᠡ ᠶᠢᠨ ᠲᠥᠷᠥ ᠶᠢᠨ ᠪᠣᠳᠣᠯᠭ᠎ᠠ ᠶᠢᠨ ᠬᠠᠪᠰᠤᠷᠤᠨ ᠲᠡᠳᠬᠦᠬᠦ ᠪᠠᠶᠢᠳᠠᠯ ᠢ ᠬᠠᠷᠢᠭᠤ ᠮᠡᠳᠡᠭᠦᠯᠪᠡ᠃
 C:\Users\Administrator\Desktop\31.jpg
   ᠮᠠᠨ ᠤ ᠬᠤᠰᠢᠭᠤᠨ ᠤ ᠤᠳᠤᠷᠢᠳᠤᠯᠭ᠎ᠠ ᠠᠴᠠ᠂ ᠲᠣᠰ ᠤᠳᠠᠭᠠᠨ ᠤ ᠥᠷᠲᠡᠭᠡ ᠶᠢᠨ ᠬᠢᠨ ᠤ ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠨ᠎ᠠ  ᠭᠡᠵᠦ ᠢᠯᠡᠷᠬᠡᠶᠢᠯᠡᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠴᠢᠬᠤᠯᠠ ᠡᠭᠦᠷᠭᠡ ᠪᠠᠨ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠠᠷᠭ᠎ᠠ ᠪᠠᠷ ᠲᠣᠯᠢ ᠪᠣᠯᠭᠠᠵᠤ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠨᠠᠩ ᠶᠡᠭᠡ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠵᠤ᠂ ᠥᠷᠭᠡᠨ ᠣᠯᠠᠨ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号