| 2024 ᠤᠨ ᠳᠤ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠡᠤᠬᠡᠳ ᠢ ᠨᠠᠷᠢᠯᠢᠭ | ᠣᠨᠤᠪᠴᠢᠲᠠᠢ ᠪᠠᠷ ᠵᠢᠭᠰᠠᠭᠠᠨ ᠪᠠᠶᠢᠴᠠᠭᠠᠬᠤ᠂ ᠨᠠᠷᠢᠯᠢᠭ ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢᠨ | ᠲᠣᠭᠤᠷᠢᠨ ᠳᠤ ᠲᠠᠰ ᠬᠤᠪᠢᠶᠠᠨ ᠠᠬᠢᠭᠤᠯᠵᠤ᠂ ᠲᠥᠷᠥᠯ ᠬᠤᠪᠢᠶᠠᠨ ᠪᠠᠲᠤᠯᠠᠵᠤ᠂ ᠬᠦᠴᠢᠷᠳᠡᠯ ᠳᠤ ᠲᠤᠯᠭᠠᠷᠠᠭᠰᠠᠨ | ᠬᠡᠤᠬᠡᠳ ᠢ ᠠᠪᠤᠷᠠᠨ ᠲᠤᠰᠠᠯᠠᠬᠤ ᠶᠢ ᠨᠠᠩ ᠨᠠᠷᠢᠯᠢᠭ ᠣᠨᠤᠪᠴᠢᠲᠠᠢ᠂ ᠨᠠᠩ ᠣᠯᠠᠨ ᠦᠢᠯᠡᠴᠢᠯᠡᠭᠡ ᠬᠠᠩᠭᠠᠵᠤ᠂ | ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ | ᠲᠡᠭᠦᠯᠳᠡᠷᠵᠢᠭᠦᠯᠪᠡ᠃ | ᠨᠢᠭᠡ ᠳᠤ ᠂ ᠬᠠᠮᠵᠢᠯᠴᠠᠨ ᠬᠠᠯᠠᠮᠵᠢᠯᠠᠨ ᠬᠠᠶᠢᠷᠠᠯᠠᠬᠤ ᠶᠢ ᠮᠠᠰᠢᠨᠴᠢᠯᠠᠬᠤ ᠶᠢ ᠠᠬᠢᠭᠤᠯᠤᠨ᠎ᠠ᠃ ᠬᠤᠰᠢᠭᠤᠨ | ᠱᠠᠲᠤᠨ ᠤ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠰᠤᠷᠭᠠᠨ ᠬᠥᠮᠦᠵᠢᠯ᠂ ᠬᠠᠤᠯᠢ ᠴᠠᠭᠠᠵᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠪᠠ | ᠨᠡᠶᠢᠭᠡᠮ ᠤᠨ ᠬᠦᠴᠦᠨ ᠬᠠᠮᠲᠤᠷᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ | ᠲᠤᠳᠤᠭᠠᠳᠤ ᠶᠢ ᠬᠠᠮᠠᠭᠠᠯᠠᠬᠤ᠂ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠵᠡᠮᠳᠡᠭᠴᠦᠳ ᠤᠨ ᠬᠤᠯᠪᠤᠭᠠᠳᠤ ᠬᠤᠷᠠᠯ ᠂ | ᠰᠤᠷᠭᠠᠨ ᠭᠦᠮᠦᠵᠢᠯ᠂ ᠡᠮᠴᠢᠯᠡᠬᠡᠨ ᠤ ᠲᠠᠭᠠᠳᠬᠠᠯ ᠵᠡᠷᠬᠡ ᠨᠢᠬᠡᠴᠡ ᠲᠠᠢ ᠬᠤᠯᠪᠤᠭᠠᠯᠠᠨ ᠭᠦᠴᠢᠷᠳᠡᠯ ᠳᠤ | ᠲᠤᠯᠭᠠᠷᠬᠠᠰᠠᠨ ᠬᠡᠤᠬᠡᠳ ᠢ ᠵᠢᠨᠨᠰᠠᠭᠠᠨ ᠪᠠᠶᠢᠴᠠᠭᠠᠬᠤ ᠠᠵᠢᠯ ᠢ ᠭᠦᠳᠡᠯᠦᠩᠬᠦᠢ ᠪᠠᠷ ᠦᠷᠨᠢᠬᠦᠯᠵᠦ᠂ ᠲᠦᠢᠯ ᠤᠨ | ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ᠂ ᠨᠠᠷᠢᠯᠢᠭ ᠬᠠᠮᠢᠶᠠᠷᠴᠤ ᠬᠠᠮᠠᠭᠠᠯᠠᠬᠤ ᠶᠢ ᠬᠡᠷᠡᠭᠵᠢᠬᠦᠯᠦᠨ᠂ | ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠢᠳᠡᠪᠬᠢᠳᠡᠢ ᠪᠠᠷ ᠦᠰᠦᠨ ᠪᠤᠶᠢᠵᠢᠬᠤ ᠳᠤ ᠭᠦᠴᠦᠯᠡᠨ ᠲᠡᠮᠵᠢᠨ᠎ᠠ᠃ | ᠬᠤᠶᠠᠷ ᠲᠤ ᠂ ᠠᠪᠤᠷᠠᠨ ᠲᠤᠰᠠᠯᠠᠬᠤ ᠪᠠᠲᠤᠯᠠᠭ᠎ᠠ ᠶᠢ ᠨᠠᠷᠢᠯᠢᠭ ᠣᠨᠣᠪᠴᠢᠲᠠᠢ ᠪᠣᠯᠭᠠᠬᠤ ᠶᠢ ᠠᠬᠢᠭᠤᠯᠤᠨ᠎ᠠ᠃ | ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠠᠩᠭᠢᠯᠠᠵᠦ ᠪᠠᠳᠤᠯᠠᠬᠤ ᠶᠢ ᠴᠢᠩᠭᠠᠳᠬᠠᠵᠦ᠂ ᠭᠦᠴᠢᠷᠳᠡᠯ ᠳᠤ | ᠲᠤᠯᠭᠠᠷᠬᠠᠰᠠᠨ ᠬᠡᠤᠬᠡᠳ ᠢ ᠪᠠᠳᠤᠯᠠᠬᠤ ᠲᠦᠷᠦ ᠶᠢᠨ ᠪᠤᠳᠤᠯᠭ᠎ᠠ ᠶᠢ ᠠᠩᠭᠢᠯᠠᠵᠦ ᠬᠡᠷᠡᠭᠵᠢᠬᠦᠯᠦᠨ᠂ ᠨᠦᠭᠦᠴᠡᠯ ᠳᠤ | ᠨᠡᠶᠢᠴᠡᠭᠰᠡᠨ ᠨᠠᠰᠤᠨ ᠳᠤ ᠦᠯᠦ ᠭᠦᠷᠦᠭᠰᠡᠳ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠤᠨᠴᠠ | ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠵᠦ ᠲᠡᠳᠬᠦᠨ ᠲᠡᠵᠢᠬᠡᠬᠦ ᠵᠡᠷᠬᠡ ᠨᠡᠶᠢᠬᠡᠮ ᠤᠨ ᠠᠪᠤᠷᠠᠨ ᠲᠤᠰᠠᠯᠠᠬᠤ | ᠬᠡᠪᠴᠢᠶᠡᠨ ᠳᠤ ᠤᠷᠤᠭᠤᠯᠬᠤ ᠬᠡᠷᠡᠭᠳᠡᠢ᠃ ︽ᠲᠥᠷᠥ ᠶᠢᠨ ᠪᠣᠳᠣᠯᠭ᠎ᠠ ᠪᠠᠷ ᠬᠥᠮᠦᠨ ᠢ ᠡᠷᠢᠬᠦ︾᠂ ︽ᠡᠷᠦᠬᠡ ᠳᠤ | ᠣᠷᠣᠵᠤ ᠵᠢᠭᠰᠠᠭᠠᠨ ᠪᠠᠶᠢᠴᠠᠭᠠᠬᠤ︾ ᠠᠷᠭ᠎ᠠ ᠮᠠᠶ᠋ᠢᠭ ᠢᠶᠠᠷ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠡᠭᠡᠷ᠎ᠡ | ᠬᠠᠭᠠᠰ ᠵᠢᠯ ᠳᠤ ᠨᠡᠶᠢᠲᠡ 186 ᠡᠷᠦᠬᠡ ᠶᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ᠂ 5 ᠥᠨᠥᠴᠢᠨ | ᠬᠡᠦᠬᠡᠳ ᠢ ᠰᠢᠨ᠎ᠡ ᠪᠠᠷ ᠬᠢᠨᠠᠨ ᠵᠥᠪᠰᠢᠶᠡᠷᠡᠵᠦ᠂ 13 ᠥᠨᠥᠴᠢᠨ ᠬᠡᠦᠬᠡᠳ ᠢ ᠪᠣᠳᠠᠲᠠᠶ ᠠᠰᠠᠷᠠᠨ ᠲᠡᠵᠢᠭᠡᠬᠦ ᠬᠥᠮᠦᠨ | ᠥᠬᠡᠶ ᠪᠠᠶᠢᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠪᠠ᠃ ᠲᠡᠩᠬᠡᠷᠡᠭᠦᠯᠦᠨ ᠲᠤᠰᠠᠯᠠᠬᠤ | ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠥᠨᠥᠴᠢᠨ ᠬᠡᠦᠬᠡᠳ᠂ ᠠᠰᠠᠷᠠᠨ ᠲᠡᠵᠢᠭᠡᠬᠦ ᠬᠥᠮᠦᠨ ᠥᠬᠡᠶ | ᠬᠡᠤᠬᠡᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1440 ᠲᠥᠭᠦᠷᠢᠭ | ᠪᠠᠶᠢᠭᠰᠠᠨ ᠠᠴᠠ ᠬᠥᠮᠦᠨ ᠪᠦᠷᠢ ᠰᠠᠷ᠎ᠠ ᠳᠤ 1600 ᠲᠥᠭᠦᠷᠢᠭ ᠪᠣᠯᠭᠠᠨ ᠳᠡᠭᠡᠭᠰᠢᠯᠡᠭᠦᠯᠪᠡ᠃ | ᠭᠤᠷᠪᠠ ᠳᠤ ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠣᠯᠠᠨ ᠡᠰᠢᠵᠢᠭᠦᠯᠬᠦ ᠶᠠᠪᠤᠳᠠᠯ ᠢ ᠠᠬᠢᠭᠤᠯᠤᠨ᠎ᠠ᠃ | ︽ᠬᠦᠰᠡᠯ ᠵᠡᠭᠦᠳᠦ ᠪᠠᠨ ᠲᠡᠷᠭᠡᠯᠰᠢᠭᠦᠯᠬᠦ︾ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ ᠢ | ᠠᠬᠢᠭᠤᠯᠵᠤ᠂ ᠡᠨᠡ ᠵᠢᠯ ᠠᠴᠠ ᠨᠠᠰᠢ 11 ᠥᠨᠥᠴᠢᠨ ᠬᠡᠦᠬᠡᠳ ᠲᠤ ︽ᠬᠦᠰᠡᠯ ᠵᠡᠭᠦᠳᠦ ᠪᠠᠨ ᠲᠡᠷᠭᠡᠯᠰᠢᠭᠦᠯᠬᠦ · | ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ︾ ᠪᠡᠯᠡ ᠮᠥᠩᠭᠦ ᠶᠢ 5.5 ᠲᠦᠮᠡᠨ ᠲᠥᠭᠦᠷᠢᠭ ᠲᠠᠷᠬᠠᠭᠠᠪᠠ᠃ | ᠥᠪᠡᠷᠲᠡᠭᠡᠨ ᠵᠠᠰᠠᠬᠤ ᠣᠷᠣᠨ ᠤ ︽ᠵᠢᠭᠦᠷ ᠨᠡᠮᠡᠷᠢᠯᠡᠬᠦ ᠲᠥᠯᠥᠪᠯᠡᠭᠡ︾ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ ᠂ | ᠪᠥᠬᠦ ᠬᠤᠰᠢᠭᠤᠨ ᠤ ᠬᠡᠰᠡᠭ ᠥᠨᠥᠴᠢᠨ ᠬᠡᠤᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ 301 | ᠬᠡᠦᠬᠡᠳ ᠢ ᠵᠣᠬᠢᠶᠠᠨ ᠪᠠᠶᠢᠭᠤᠯᠵᠤ ᠲᠥᠷᠥᠯᠬᠢ ᠵᠢᠷᠦᠬᠡᠨ ᠡᠪᠡᠳᠴᠢᠨ ᠤ ᠰᠢᠭᠰᠢᠨ ᠪᠠᠶᠢᠴᠠᠭᠠᠯᠲᠠ ᠶᠢ ᠥᠷᠨᠢᠭᠦᠯᠪᠡ᠃ | ᠣᠳᠣᠬᠠᠨ ᠳᠤ ᠪᠦᠬᠦ ᠬᠤᠰᠢᠭᠤᠨ ᠳᠤ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠠᠮᠤᠷ ᠢ ᠬᠠᠮᠠᠭᠠᠯᠠᠬᠤ | ᠥᠷᠲᠡᠭᠡ 18᠂ ᠭᠠᠴᠠᠭ᠎ᠠ ᠲᠣᠰᠬᠤᠨ ︵ᠰᠠᠭᠤᠭᠠᠯᠢ︶ ︽ᠬᠡᠦᠬᠡᠳ ᠤᠨ ᠭᠡᠷ︾ 4 ᠪᠠᠶᠢᠵᠤ᠂ ᠬᠡᠦᠬᠡᠳ ᠤᠨ | ᠭᠡᠷ ᠲᠤ ᠲᠦᠰᠢᠭᠯᠡᠨ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠭᠡᠷ ᠪᠦᠯᠢ ᠶᠢᠨ ᠠᠵᠢᠯᠯᠠᠭ᠎ᠠ ᠶᠢ 16 ᠲᠠᠯᠠᠪᠤᠷ | ᠥᠷᠨᠢᠭᠦᠯᠪᠡ᠃ ᠵᠤᠨ ᠤ ᠠᠮᠠᠷᠠᠯᠲᠠ ᠶᠢᠨ ᠬᠤᠭᠤᠴᠠᠭᠠᠨ ᠳᠤ ᠨᠡᠭᠦᠳᠡᠯ ᠬᠡᠤᠬᠡᠳ ᠬᠢᠭᠡᠳ ᠬᠡᠷ ᠲᠡᠭᠡᠨ ᠬᠤᠴᠣᠷᠤᠭᠰᠠᠨ | ᠬᠡᠤᠬᠡᠳ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠨᠡᠭᠦᠳᠡᠯ ᠬᠡᠤᠬᠡᠳ ᠪᠠ ᠬᠡᠷ ᠲᠡᠭᠡᠨ | ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠪᠥᠬᠦ | ᠬᠤᠰᠢᠭᠤᠨ ᠳᠤ ᠨᠡᠭᠦᠳᠡᠯ ᠬᠡᠤᠬᠡᠳ 143᠂ ᠬᠡᠷ ᠲᠡᠭᠡᠨ ᠬᠤᠴᠣᠷᠤᠭᠰᠠᠨ ᠬᠡᠤᠬᠡᠳ 443 ᠬᠥᠮᠦᠨ ᠢ ᠵᠢᠭᠰᠠᠭᠠᠨ | ᠪᠠᠶᠢᠴᠠᠭᠠᠵᠤ ᠭᠠᠷᠭᠠᠪᠠ᠃ | ᠳᠦᠷᠪᠡ ᠳᠤ ᠂ ᠤᠬᠠᠭᠤᠯᠭ᠎ᠠ ᠪᠣᠯᠪᠠᠰᠤᠷᠠᠯ ᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠪᠥᠬᠦ ᠬᠤᠰᠢᠭᠤᠨ ᠤ | ᠬᠡᠦᠬᠡᠳ ᠤᠨ ᠬᠢᠨᠠᠨ ᠵᠢᠯᠣᠭᠤᠳᠤᠭᠴᠢ ᠪᠠ ᠬᠡᠦᠬᠡᠳ ᠤᠨ ᠡᠷᠬᠢᠯᠡᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠯ ᠳᠤ | ᠣᠷᠣᠯᠴᠠᠭᠤᠯᠵᠤ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠡᠦᠬᠡᠳ ᠤᠨ | ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ ᠬᠡᠤᠬᠡᠳ ᠤᠨ ᠬᠢᠨᠠᠨ | ᠵᠢᠯᠣᠭᠤᠳᠣᠭᠴᠢ᠂ ᠬᠡᠤᠬᠡᠳ ᠤᠨ ᠡᠷᠬᠢᠯᠡᠭᠴᠢ ᠶᠢᠨ ᠦᠷ᠎ᠡ ᠠᠰᠢᠭ ᠢ ᠨᠡᠮᠡᠭᠳᠡᠭᠦᠯᠬᠦ ᠪᠣᠯᠪᠠᠰᠤᠷᠠᠯ ᠤᠨ ᠠᠩᠭᠢ | ᠡᠷᠭᠢᠯᠡᠵᠦ᠂ ᠨᠡᠶᠢᠲᠡ 270 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ ᠡᠨᠡ ᠵᠢᠯ ᠠᠴᠠ | ᠨᠠᠰᠢ ᠬᠡᠤᠬᠡᠳ ᠤᠨ ᠬᠢᠨᠠᠨ ᠵᠢᠯᠣᠭᠤᠳᠤᠭᠴᠢ ᠪᠠ ᠬᠡᠤᠬᠡᠳ ᠤᠨ ᠡᠷᠬᠢᠯᠡᠭᠴᠢ ᠶᠢ ᠨᠡᠶᠢᠲᠡ 510 ᠬᠥᠮᠦᠨ ᠤᠳᠠᠭ᠎ᠠ | ᠪᠣᠯᠪᠠᠰᠤᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 1500 ᠭᠠᠷᠤᠶ ᠬᠤᠪᠢ | ᠲᠠᠷᠬᠠᠭᠠᠪᠠ᠃ | | |