ᠾᠧᠪᠸᠢ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ  ᠬᠢᠨ ᠭᠤᠷᠪᠠᠨᠬᠤᠸᠠ ᠪᠠᠯᠭᠠᠰᠤᠨ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/31
    7 ᠰᠠᠷ᠎ᠠ ᠶᠢᠨ 29 ᠤ ᠡᠳᠦᠷ᠂ ᠾᠧᠪᠸᠢ ᠮᠤᠵᠢ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠲᠡᠳ᠋ ᠲᠡᠷᠢᠭᠦᠯᠡᠭᠴᠢ ᠭᠤᠤ ᡁᠢ ᠯᠢ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠷᠢᠶᠠᠯᠠᠩ ᠮᠠᠯ ᠠᠵᠤ ᠠᠬᠤᠢ ᠶᠢᠨ ᠵᠦᠪᠯᠡᠯ ᠤᠨ ᠲᠡᠳ᠋ ᠡᠷᠬᠢᠯᠡᠭᠴᠢ ᠳ᠋ᠠᠩ ᡁᠢ ᠴᠧᠩ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠲᠡᠳ᠋ ᠲᠡᠷᠢᠭᠦᠯᠡᠭᠴᠢ ᠯᠢᠨ ᠵᠢᠩ ᠬᠤᠸᠠ ᠶᠢᠨ ᠪᠠᠷ᠎ᠠ ᠪᠤᠯᠤᠯᠭ᠎ᠠ ᠲᠠᠢ ᠪᠠᠷ ᠰᠢᠨᠵᠢᠯᠡᠨ ᠪᠠᠶᠢᠴᠠᠭᠠᠬᠤ ᠲᠤᠭᠤᠶᠢᠯᠠᠩ ᠢ ᠲᠠᠭᠠᠭᠤᠯᠤᠨ ᠭᠤᠷᠪᠠᠨᠬᠤᠸᠠ ᠪᠠᠯᠭᠠᠰᠤᠨ ᠳᠤ ᠬᠦᠷᠴᠦ ︽ᠦᠵᠡᠰᠬᠦᠯᠡᠩᠲᠦ ᠰᠠᠶᠢᠬᠠᠨ ᠬᠥᠳᠡᠭᠡ  ᠲᠤᠰᠬᠤᠨ︾ ᠪᠠ ︽ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ︾ ᠶᠢᠨ ᠭᠤᠤᠯ ᠰᠡᠳᠦᠪ ᠤᠨ ᠲᠤᠭᠤᠷᠢᠨ ᠳᠤ ᠰᠢᠨᠵᠢᠯᠡᠨ ᠪᠠᠶᠢᠴᠠᠭᠠᠪᠠ᠃ ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠦᠸᠧ ᠬᠤᠸᠠ᠂ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠭᠤᠷᠪᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠺᠠᠩ ᠵᠢᠶᠠ ᠶᠢᠩᠽᠢ ᠲᠣᠰᠬᠤᠨ ᠤ ᠵᠠᠩ ᠦᠢᠯᠡ ᠶᠢᠨ ᠣᠷᠳᠣᠨ᠂ ᠰᠢᠨ᠎ᠡ ᠠᠶᠠᠨ ᠤ ᠣᠷᠳᠣᠨ᠂ ᠰᠣᠶᠣᠯ ᠤᠨ ᠠᠭᠤᠳᠠᠮ ᠲᠠᠯᠠᠪᠠᠢ ᠵᠡᠷᠭᠡ ᠭᠠᠵᠠᠷ ᠪᠣᠯᠤᠨ ᠪᠠᠢ ᠵᠢᠶᠠ ᠳ᠋ᠢᠶᠠᠨ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠨᠠᠷᠢᠮᠤ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠣᠷᠣᠨ ᠢ ᠰᠢᠨᠵᠢᠯᠡᠨ ᠪᠠᠶᠢᠴᠠᠭᠠᠵᠤ᠂ ᠤᠬᠠᠭᠤᠯᠭ᠎ᠠ ᠶᠢᠨ ᠹᠢᠯᠢᠮ ᠢ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠠᠷᠢᠶᠠᠴᠢᠨ ᠡᠷᠦᠬᠡ ᠲᠠᠢ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠠᠭᠤᠰᠤᠯᠴᠠᠨ ᠬᠥᠭᠵᠢᠬᠦ᠂ ᠬᠥᠳᠡᠭᠡ ᠲᠣᠰᠬᠤᠨ ᠤ ᠵᠠᠰᠠᠯᠲᠠ ᠪᠣᠯᠤᠨ ᠵᠢᠱᠢᠶ᠎ᠡ ᠦᠵᠡᠭᠦᠯᠬᠦ ᠣᠷᠣᠨ ᠤ ᠨᠠᠷᠢᠮᠤ ᠶᠢᠨ ᠲᠠᠷᠢᠮᠠᠯ ᠤᠨ ᠪᠠᠶᠢᠳᠠᠯ ᠢ ᠭᠦᠨᠵᠡᠭᠡᠢ ᠤᠢᠢᠯᠠᠭᠠᠭᠰᠠᠨ ᠪᠥᠭᠡᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠲᠠᠷᠢᠶᠠᠴᠢᠨ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠢᠶ᠎ᠠ ᠪᠦᠬᠦᠢ ᠠᠵᠢᠯ ᠤᠨ ᠰᠠᠨᠠᠯ ᠰᠠᠨᠠᠭᠤᠯᠭ᠎ᠠ ᠶᠢ ᠰᠣᠨᠣᠰᠴᠠᠢ     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠭᠤᠷᠪᠠᠨᠬᠤᠸᠠ ᠪᠠᠯᠭᠠᠰᠤᠨ ᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠲᠦᠷᠦ ᠶᠢᠨ ᠪᠤᠳᠤᠯᠭ᠎ᠠ᠂ ᠣᠷᠴᠢᠨ ᠲᠣᠭᠤᠷᠢᠨ᠂ ᠲᠣᠭᠲᠠᠴᠠ ᠵᠡᠷᠭᠡ ᠤᠯᠠᠨ ᠲᠠᠯ᠎ᠠ ᠠᠴᠠ ᠪᠦᠲᠦᠭᠡᠯᠴᠢ ᠴᠢᠨᠠᠷᠲᠠᠢ ᠰᠡᠳᠬᠢᠴᠡ ᠪᠣᠯᠤᠨ ᠬᠡᠷᠡᠭᠵᠢᠭᠦᠯᠵᠦ ᠪᠣᠯᠬᠤᠶᠢᠴᠠ ᠠᠷᠭᠠᠴᠠᠬᠤ ᠪᠤᠳᠤᠯᠭ᠎ᠠ ᠰᠠᠨᠠᠭᠤᠯᠭ᠎ᠠ ᠳᠤᠷᠠᠳᠴᠤ᠂ ᠲᠤᠰ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ  ᠠᠬᠢᠭᠤᠯᠪᠠ ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号