ᠠᠤᠬᠠᠨ ᠤ ᠰᠢᠨ᠎ᠡ ᠬᠤᠯᠪᠣᠭᠠᠲᠤ ᠬᠤᠷᠠᠯ ᠤᠨ ᠬᠢᠨ ᠡᠯ ᠳ᠋ᠤᠤ ᠸᠠᠨ ᠽᠢ ᠲᠣᠰᠬᠤᠨ ᠳᠤ ᠬᠦᠷᠴᠦ ︽  ᠰᠡᠳᠬᠢᠯ ᠢᠶᠠᠨ ᠬᠤᠯᠪᠣᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/31
    7 ᠰᠠᠷ᠎ᠠ ᠶᠢᠨ 29 ᠤ ᠡᠳᠦᠷ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯᠲᠠᠨ᠂ ᠠᠤᠬᠠᠨ ᠤ ᠰᠢᠨ᠎ᠡ ᠬᠤᠯᠪᠣᠭᠠᠲᠤ ᠬᠤᠷᠠᠯ  ᠤᠨ ᠪᠠᠭ ᠤᠨ ᠪᠦᠷᠢᠯᠳᠦᠬᠦᠨ᠂ ᠬᠡᠷᠡᠭ ᠡᠷᠬᠢᠯᠡᠭᠴᠢ 10 ᠭᠠᠷᠤᠶ ᠬᠦᠮᠦᠰ ᠢ ᠵᠣᠬᠢᠶᠠᠨ ᠪᠠᠶᠢᠭᠤᠯᠵᠤ ᠡᠯ ᠳ᠋ᠤᠤ ᠸᠠᠨ ᠽᠢ ᠲᠣᠰᠬᠤᠨ ᠳᠤ ᠬᠦᠷᠴᠦ ︽ᠰᠡᠳᠬᠢᠯ ᠢᠶᠠᠨ ᠬᠤᠯᠪᠣᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠢᠴᠢ ᠬᠠᠶᠢᠷ᠎ᠠ ᠬᠠᠯᠠᠮᠵᠢ ᠬᠦᠷᠭᠡᠵᠦ ᠬᠥᠳᠡᠭᠡ ᠲᠣᠰᠬᠤᠨ ᠳᠤ ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠂ ᠲᠣᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠬᠡᠷ ᠪᠦᠯᠢ ᠶᠢᠨ ᠪᠠᠶᠢᠳᠠᠯ ᠨᠢ ᠬᠦᠴᠢᠷᠳᠡᠯᠲᠡᠶ ᠨᠠᠰᠤᠲᠠᠶᠢᠴᠤᠳ ᠪᠣᠯᠤᠨ᠎ᠠ᠃    ᠠᠵᠢᠯᠯᠠᠭ᠎ᠠ ᠶᠢᠨ ᠳᠤᠮᠳᠠ᠂ ᠰᠢᠨ᠎ᠡ ᠬᠤᠯᠪᠣᠭᠠᠲᠤ ᠬᠤᠷᠠᠯ ᠤᠨ ᠭᠡᠰᠢᠭᠦᠳ ᠨᠠᠰᠤᠲᠠᠨ ᠲᠠᠢ ᠳᠣᠲᠣᠨᠣᠰᠤᠭ ᠢᠶᠠᠷ ᠬᠠᠷᠢᠯᠴᠠᠵᠤ᠂ ᠨᠠᠰᠤᠲᠠᠨ ᠤ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠬᠠᠯᠠᠮᠵᠢᠯᠠᠵᠤ᠂ ᠠᠮᠤ ᠪᠤᠳᠠᠭ᠎ᠠ ᠵᠡᠷᠭᠡ ᠠᠮᠢᠳᠤᠷᠠᠯ ᠤᠨ ᠡᠳ᠋ ᠪᠣᠳᠠᠰ ᠢ ᠲᠡᠳᠡᠨ ᠤ ᠭᠠᠷ ᠲᠤ ᠬᠦᠷᠭᠡᠬᠦ ᠶᠢᠨ ᠬᠠᠮᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠠᠰᠤᠲᠠᠨ ᠢ ᠡᠷᠬᠢᠨ ᠦᠵᠡᠵᠦ᠂ ᠥᠪᠡᠷ ᠤᠨ ᠴᠢᠳᠠᠪᠤᠷᠢ ᠪᠠᠨ ᠰᠢᠪᠬᠠᠨ ᠨᠠᠰᠤᠲᠠᠨ ᠢ ᠬᠠᠪᠰᠤᠷᠬᠤ ᠪᠠᠷ ᠢᠷᠡᠵᠦ᠂ ᠨᠠᠰᠤᠲᠠᠨ ᠤ ᠴᠢᠷᠠᠶ ᠳᠤ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠲᠣᠳᠣᠷᠠᠪᠠ ᠭᠡᠵᠦ ᠢᠯᠡᠳᠬᠡᠪᠡ᠃    ᠰᠢᠨ᠎ᠡ ᠬᠤᠯᠪᠣᠭᠠᠲᠤ ᠬᠤᠷᠠᠯ ᠤᠨ ᠭᠡᠰᠢᠭᠦᠳ ᠥᠪᠡᠷ ᠤᠨ ᠬᠠᠯᠠᠭᠤᠨ ᠰᠡᠳᠬᠢᠯᠭᠡ ᠪᠠ ᠠᠵᠢᠯᠯᠠᠭ᠎ᠠ ᠪᠠᠷ ᠢᠶᠠᠨ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠵᠦ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠴᠤᠭ ᠵᠢᠪᠬᠤᠭ᠎ᠠ ᠪᠠ ᠡᠭᠦᠷᠭᠡᠯᠡᠯ ᠢ ᠢᠯᠡᠷᠡᠭᠦᠯᠪᠡ᠃ ᠰᠢᠨ᠎ᠡ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠠᠴᠠ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠪᠣᠯ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠡᠭᠦᠷᠭᠡ ᠮᠥᠨ᠂ ᠪᠠᠰᠠ ᠴᠤ ᠨᠢᠭᠡᠨ ᠬᠦᠨᠳᠦ ᠬᠠᠷᠢᠭᠤᠴᠠᠯᠭ᠎ᠠ ᠮᠥᠨ᠂ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠭᠦᠯᠵᠦ᠂ ᠨᠠᠩ ᠣᠯᠠᠨ ᠬᠡᠯᠪᠡᠷᠢ ᠪᠠᠷ ᠳᠠᠮᠵᠢᠭᠤᠯᠤᠨ ᠥᠨᠥᠴᠢᠨ ᠪᠡᠯᠪᠡᠰᠦᠨ ᠨᠠᠰᠤᠲᠠᠨ ᠢ ᠬᠠᠶᠢᠷᠠᠯᠠᠨ ᠬᠠᠯᠠᠮᠵᠢᠯᠠᠵᠤ᠂ ᠲᠡᠳᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠢ ᠦᠨᠡᠨ ᠬᠦ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠪᠠᠶᠠᠷ ᠴᠡᠩᠭᠡᠯ ᠲᠠᠢ ᠪᠣᠯᠭᠠᠬᠤ ᠬᠡᠷᠡᠭᠲᠡᠶ  ᠭᠡᠵᠦ ᠢᠯᠡᠷᠬᠡᠶᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号