ᠪᠦᠬᠦ  ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠠᠯᠳᠠᠪᠤᠷᠢᠯᠠᠯ ᠢ ᠬᠠᠮᠢᠶᠠᠷᠴᠤ ᠡᠵᠡᠮᠳᠡᠬᠦ ᠲᠥᠪ ᠤᠨ ᠭᠤᠣᠯᠯᠠᠭᠴᠢ  ᠬᠦᠴᠦᠨ ᠤ ᠪᠣᠯᠪᠠᠰᠤᠷᠠᠯ ᠤᠨ ᠠᠩᠭᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/7/31
      ᠪᠥᠬᠦ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠲᠤᠰᠬᠠᠶ ᠠᠵᠢᠯᠲᠠᠨ ᠤ ᠬᠡᠪ ᠴᠢᠨᠠᠷ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠪᠥᠬᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠠᠯᠳᠠᠪᠤᠷᠢᠯᠠᠯ ᠢ ᠬᠠᠮᠢᠶᠠᠷᠴᠤ ᠡᠵᠡᠮᠳᠡᠬᠦ ᠲᠥᠪ ᠤᠨ ᠭᠤᠤᠯᠯᠠᠭᠴᠢ  ᠬᠦᠴᠦᠨ ᠤ ᠪᠣᠯᠪᠠᠰᠤᠷᠠᠯ ᠤᠨ ᠠᠩᠭᠢ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠠᠮᠵᠢᠯᠲᠠ ᠲᠠᠢ ᠶᠠᠪᠤᠭᠳᠠᠪᠠ᠃ ᠡᠯ᠎ᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠡᠯ᠎ᠡ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠰᠡᠷᠡᠯ ᠢ ᠡᠵᠡᠮᠳᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠣᠯᠪᠠᠰᠤᠷᠠᠯ ᠳᠤ ᠣᠷᠣᠯᠴᠠᠪᠠ᠃    ᠬᠤᠷᠠᠯ ᠠᠴᠠ᠄ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠬᠠᠮᠢᠶᠠᠷᠤᠯᠲᠠ ᠶᠢᠨ ᠠᠵᠢᠯ ᠪᠣᠯ ᠡᠮᠴᠢᠯᠡᠭᠡᠨ ᠤ ᠠᠮᠤᠷ ᠲᠦᠪᠰᠢᠨ ᠪᠠ ᠶᠠᠰᠤ ᠴᠢᠨᠠᠷ ᠤᠨ ᠬᠤᠷᠢᠭ᠎ᠠ ᠱᠤᠭᠤᠮ ᠮᠥᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠡᠮᠨᠡᠯᠭᠡ ᠶᠢᠨ ᠬᠤᠷᠢᠶᠠᠨ ᠤ ᠰᠡᠷᠡᠯ ᠤᠨ ᠲᠦᠷᠢᠮ ᠪᠠ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠥᠬᠡᠶ ᠵᠢᠷᠤᠮᠵᠢᠭᠤᠯᠤᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠡᠮᠨᠡᠯᠭᠡ ᠶᠢᠨ ᠬᠤᠷᠢᠶᠠᠨ ᠤ ᠳᠣᠲᠣᠷᠠᠬᠢ ᠪᠣᠯᠪᠠᠰᠤᠷᠠᠯ ᠪᠠ ᠬᠢᠨᠠᠨ ᠵᠢᠯᠣᠭᠤᠳᠣᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠶ ᠠᠳᠬᠤᠵᠤ᠂ ᠰᠠᠶᠢᠲᠤᠷ ᠠᠳᠬᠤᠵᠤ᠂ ᠨᠠᠷᠢᠯᠢᠭ ᠠᠳᠬᠤᠵᠤ᠂ ᠡᠮᠴᠢᠯᠡᠭᠡᠨ ᠤ ᠶᠠᠰᠤ ᠴᠢᠨᠠᠷ ᠪᠠ ᠡᠮᠴᠢᠯᠡᠭᠡᠨ ᠤ ᠠᠮᠤᠷ ᠲᠦᠪᠰᠢᠨ ᠢ ᠬᠠᠮᠲᠤ ᠪᠠᠷ ᠪᠠᠲᠤᠯᠠᠬᠤ ᠶᠢ ᠬᠦᠰᠡᠵᠦ ᠪᠠᠶᠢᠨ᠎ᠠ᠃ ᠬᠤᠷᠠᠯ ᠤᠨ ᠳᠠᠷᠠᠭ᠎ᠠ᠂ ᠡᠯ᠎ᠡ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠲᠤᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠶᠢ ᠲᠤᠰ ᠨᠢᠭᠡᠴᠡ ᠶᠢᠨ ᠰᠠᠯᠠᠭ᠎ᠠ ᠲᠠᠰᠤᠭ ᠤᠨ ᠪᠦᠬᠦ ᠡᠮᠨᠡᠯᠭᠡ ᠶᠢᠨ ᠠᠵᠢᠯᠲᠠᠨ ᠳᠤ ᠳᠠᠮᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠳᠠᠷᠠᠭ᠎ᠠ ᠨᠢ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶᠠᠨ ᠤ ᠳᠥᠷᠪᠡᠨ ᠬᠠᠯᠳᠠᠪᠤᠷᠢᠯᠠᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠲᠣᠰ ᠲᠣᠰ ︽ᠠᠷᠢᠭᠤᠳᠬᠠᠨ ᠲᠤᠰᠠᠭᠠᠷᠯᠠᠬᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ︾᠂ ︽ᠬᠤᠪᠢ ᠬᠥᠮᠦᠨ ᠤ ᠬᠠᠮᠠᠭᠠᠯᠠᠯᠲᠠ᠂ ᠠᠵᠢᠯ ᠮᠡᠷᠭᠡᠵᠢᠯ ᠤᠨ ᠢᠯᠡᠷᠡᠭᠦᠯᠦᠯᠲᠡ︾ ᠵᠡᠷᠭᠡ ᠣᠯᠠᠨ ᠲᠠᠯ᠎ᠠ ᠪᠠᠷ ᠪᠣᠯᠪᠠᠰᠤᠷᠠᠯ ᠬᠢᠪᠠ᠃    ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠦᠨᠳᠦᠰᠦᠨ ᠮᠡᠳᠡᠯᠭᠡ ᠶᠢ ᠴᠢᠩᠭᠠᠳᠬᠠᠨ᠂ ᠬᠠᠯᠳᠠᠪᠤᠷᠢᠯᠠᠯ ᠢ ᠡᠵᠡᠮᠳᠡᠬᠦ ᠦᠨᠳᠦᠰᠦᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠬᠠᠮᠢᠶᠠᠷᠤᠯᠲᠠ ᠶᠢᠨ ᠶᠠᠰᠤ ᠴᠢᠨᠠᠷ ᠤᠨ ᠡᠵᠡᠮᠳᠡᠯ ᠢ ᠦᠷᠭᠦᠯᠵᠢᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号