ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ  ᠬᠢᠪᠡ
ᠨᠡᠶᠢᠲᠡᠯᠡᠭᠰᠡᠨ ᠴᠠᠭ᠄
2024/7/31
     7 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠡᠭᠦᠨ ᠬᠡᠰᠡᠭ ᠤᠨ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠭᠤᠸᠠᠩ ᠾᠦᠢ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠤᠨ ᠳᠡᠭᠡᠳᠦ ᠵᠡᠷᠭᠡ ᠶᠢᠨ ᠢᠨᠵᠧᠨᠧᠷ ᠵᠣᠣ ᠽᠧ ᠹᠧᠩ᠂ ᠯᠢ ᠵᠢᠩ ᠸᠧᠶ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠶᠣᠣ ᠰᠢᠤᠸᠠᠢ ᠢᠦᠶ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠶᠠᠩ ᠸᠧᠶ᠂ ᠬᠤᠰᠢᠭᠤᠨ ᠤ ᠤᠰᠤᠨ ᠴᠥᠭᠦᠷᠥᠮ ᠤᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠵᠠᠩ ᠰᠢᠤ ᠵᠢᠶᠦ᠋ᠨ ᠤ ᠪᠠᠷ᠎ᠠ ᠪᠤᠯᠤᠯᠭ᠎ᠠ ᠪᠠᠷ᠂ ᠠᠤᠬᠠᠨ ᠬᠤᠰᠢᠭᠤᠨ ᠤ ᠰᠢᠶᠤᠤ ᠱᠠᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠳᠤ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠬᠦ ᠠᠵᠢᠯ ᠥᠷᠨᠢᠭᠦᠯᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠶᠤᠤ ᠱᠠᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠲᠦᠷᠦᠯ ᠵᠦᠢᠯ ᠤᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠪᠠ ᠠᠬᠢᠴᠠ ᠶᠢᠨ ᠪᠠᠶᠢᠳᠠᠯ᠂ ᠪᠡᠯᠡ ᠮᠥᠩᠭᠦ ᠰᠢᠯᠵᠢᠭᠦᠯᠦᠨ ᠥᠭᠭᠦᠭᠰᠡᠨ ᠪᠠ ᠬᠡᠷᠡᠭᠯᠡᠭᠰᠡᠨ ᠪᠠᠶᠢᠳᠠᠯ ᠵᠢᠴᠢ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠲᠦᠭᠵᠢᠷᠡᠯ ᠪᠠ ᠬᠦᠴᠢᠷ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ᠄ ᠡᠯ᠎ᠡ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠡᠮᠡᠭᠳᠡᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠠᠤᠯᠢ ᠲᠣᠭᠲᠠᠭᠠᠯ ᠶᠣᠰᠣᠭᠠᠷ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠠᠬᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠤᠯᠤᠰ ᠤᠨ ᠵᠢᠭᠡᠯᠡᠯᠭᠡ ᠨᠡᠮᠡᠵᠦ ᠣᠯᠭᠤᠬᠤ ᠶᠢ ᠡᠷᠲᠡᠬᠡᠨ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号