ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/31
      7 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠠᠯᠠᠭᠠᠨ ᠳᠠᠷᠤᠭ᠎ᠠ ᠯᠦ ᠫᠸᠢ ᠰᠢᠨ ᠪᠦᠯᠬᠦᠮ ᠳᠠᠭᠠᠭᠤᠯᠤᠨ ᠠᠤᠬᠠᠨ ᠬᠤᠰᠢᠭᠤᠨ ᠳᠤ ᠢᠷᠡᠵᠦ 2024 ᠣᠨ ᠤ ᠲᠠᠷᠢᠶᠠᠯᠠᠩ ᠤᠨ ᠮᠠᠰᠢᠨ ᠤ ᠶᠠᠰᠤ ᠴᠢᠨᠠᠷ ᠢ ᠪᠠᠶᠢᠴᠠᠭᠠᠬᠤ ᠠᠵᠢᠯ ᠥᠷᠨᠢᠭᠦᠯᠪᠡ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤᠸᠠᠩ ᠵᠢᠩ ᠭᠤᠸᠠᠩ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠶᠦᠩ ᠵᠢᠴᠢ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠤ  ᠭᠤᠷᠪᠠᠨᠬᠤᠸᠠ ᠲᠣᠰᠬᠤᠨ ᠪᠣᠯᠤᠨ ᠵᠡᠭᠦᠨ ᠲᠠᠯ᠎ᠠ ᠲᠣᠰᠬᠤᠨ ᠳᠤ ᠭᠦᠨᠵᠡᠭᠡᠶᠢᠷᠡᠵᠦ᠂ 18 ᠲᠠᠷᠢᠶᠠᠯᠠᠩ ᠤᠨ ᠮᠠᠰᠢᠨ ᠤ ᠡᠷᠦᠬᠡ ᠶᠢ ᠲᠣᠬᠢᠶᠠᠯᠳᠤᠯ ᠢᠶᠠᠷ ᠰᠣᠩᠭᠤᠵᠤ᠂ ᠲᠡᠭᠦᠨ ᠤ ᠤᠭᠰᠠᠷᠠᠭᠰᠠᠨ ᠬᠤᠶᠠᠷ ᠵᠦᠢᠯ ᠤᠨ ᠲᠷᠠᠺᠲ᠋ᠣᠷ ᠤᠨ ᠲᠤᠰᠠᠯᠠᠬᠤ ᠲᠥᠬᠦᠭᠡᠷᠦᠮᠵᠢ ᠶᠢ ᠤᠭᠰᠠᠷᠠᠵᠤ ᠬᠡᠷᠡᠭᠯᠡᠭᠰᠡᠨ ᠵᠢᠴᠢ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠡᠶ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠲᠠᠷᠢᠶᠠᠯᠠᠩ ᠤᠨ ᠮᠠᠰᠢᠨ ᠤ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠤᠶᠠᠷ ᠵᠦᠢᠯ ᠤᠨ ᠵᠠᠮᠴᠢᠯᠠᠬᠤ ᠲᠥᠬᠦᠭᠡᠷᠦᠮᠵᠢ ᠶᠢᠨ ᠶᠠᠰᠤ ᠴᠢᠨᠠᠷ᠂ ᠪᠣᠷᠣᠯᠠᠭᠤᠯᠤᠭᠰᠠᠨ ᠤ ᠳᠠᠷᠠᠭᠠᠬᠢ ᠵᠢᠴᠢ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠᠷᠢᠮᠵᠢᠶ᠎ᠠ ᠳᠤ ᠨᠡᠶᠢᠴᠡᠬᠦ ᠡᠰᠡᠬᠦ ᠵᠡᠷᠭᠡ ᠮᠡᠳᠡᠭᠡ ᠵᠠᠩᠭᠢ ᠶᠢ ᠣᠶᠢᠯᠠᠭᠠᠬᠤ ᠶᠢᠨ ᠬᠠᠮᠲᠤ ᠲᠠᠷᠢᠶᠠᠯᠠᠩ ᠤᠨ ᠮᠠᠰᠢᠨ ᠤ ᠠᠵᠢᠯᠲᠠᠨ ᠤ ᠠᠩᠬᠠᠷᠴᠤ ᠪᠠᠶᠢᠭ᠎ᠠ ᠨᠥᠬᠦᠪᠥᠷᠢ ᠶᠢᠨ ᠵᠣᠭᠤᠰ ᠤᠨ ᠲᠤᠭ᠎ᠠ᠂ ᠨᠥᠬᠦᠪᠥᠷᠢ ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠪᠡ᠃    ᠲᠣᠰ ᠤᠳᠠᠭᠠᠨ ᠤ ᠪᠠᠶᠢᠴᠠᠭᠠᠯᠲᠠ ᠨᠢ ᠲᠠᠷᠢᠶᠠᠯᠠᠩ ᠤᠨ ᠮᠠᠰᠢᠨ ᠤ ᠠᠵᠢᠯᠲᠠᠨ ᠤ ᠠᠶᠤᠯᠭᠦᠶ ᠠᠵᠢᠯᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠤᠨ ᠮᠠᠰᠢᠨᠴᠢᠯᠠᠯᠲᠠ ᠪᠠᠷ ᠠᠵᠢᠯᠯᠠᠬᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠲᠠᠷᠢᠶᠠᠯᠠᠩ ᠤᠨ ᠮᠠᠰᠢᠨ ᠤ ᠠᠵᠢᠯ ᠪᠠ ᠲᠠᠷᠢᠶᠠᠯᠠᠩ ᠤᠨ ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠣᠯᠭ᠎ᠠ ᠬᠢᠭᠡᠳ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠠᠳᠡᠯ ᠤᠨ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠵᠤ᠂ ᠰᠡᠭᠦᠯᠴᠢ ᠶᠢᠨ ᠬᠤᠭᠤᠴᠠᠭᠠᠨ ᠤ ᠨᠠᠮᠤᠷ ᠤᠨ ᠬᠤᠷᠢᠶᠠᠯᠲᠠ ᠶᠢᠨ ᠠᠵᠢᠯ ᠳᠤ ᠲᠠᠷᠢᠶᠠᠯᠠᠩ ᠤᠨ ᠮᠠᠰᠢᠨ ᠤ ᠠᠶᠤᠯᠭᠦᠶ  ᠦᠢᠯᠡᠳᠪᠦᠷᠢᠯᠡᠯ ᠤᠨ ᠬᠠᠯᠬᠠᠪᠴᠢ ᠶᠢ ᠪᠠᠬᠢᠵᠢᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号