ᠠᠤᠬᠠᠨ ᠬᠤᠰᠢᠭᠤ ᠨᠢ ᠤᠯᠤᠰ ᠤᠨ ᠰᠢᠶᠠᠨ ᠤ ᠬᠡᠪᠴᠢᠶᠡᠨ ᠳᠠᠬᠢ ᠴᠠᠬᠢᠯᠭᠠᠨ ᠴᠡᠨᠡᠭᠯᠡᠵᠦ ᠰᠣᠯᠢᠬᠤ  ᠲᠤᠷᠰᠢᠯᠲᠠ ᠶᠢᠨ ᠬᠤᠰᠢᠭᠤ ᠰᠢᠶᠠᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/7/4
     7  ᠰᠠᠷ᠎ᠠ ᠶᠢᠨ 3 ᠤ ᠡᠳᠦᠷ᠂  ᠠᠣᠬᠠᠨ ᠬᠤᠰᠢᠭᠤ ᠨᠢ ᠡᠳ᠋ ᠤᠨ ᠵᠠᠰᠠᠭ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽2024 ᠣᠨ ᠤ ᠰᠢᠶᠠᠨ ᠤ ᠬᠡᠪᠴᠢᠶᠡᠨ ᠳᠠᠬᠢ ᠴᠠᠬᠢᠯᠭᠠᠨ ᠴᠡᠨᠡᠭᠯᠡᠵᠦ ᠰᠣᠯᠢᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ 67 ᠲᠤᠷᠰᠢᠯᠲᠠ ᠶᠢᠨ ᠰᠢᠶᠠᠨ︾ ᠤ ᠳᠠᠩᠰᠠᠯᠠᠭᠤᠯᠤᠯᠲᠠ  ᠶᠢ ᠬᠢᠨᠠᠨ ᠪᠠᠶᠢᠴᠠᠭᠠᠵᠤ ᠵᠠᠷᠯᠠᠨ  ᠨᠡᠶᠢᠳᠡᠯᠡᠬᠦ ᠶᠢ ᠠᠮᠵᠢᠯᠲᠠ ᠲᠠᠢ ᠥᠩᠭᠡᠷᠡᠭᠦᠯᠪᠡ᠃    ᠲᠥᠯᠥᠪᠵᠢᠭᠦᠯᠭᠡ ᠶᠢ ᠦᠨᠳᠦᠰᠦᠯᠡᠪᠡᠯ᠂ 2024 ᠣᠨ ᠠᠴᠠ 2026 ᠤᠨ ᠪᠣᠯᠲᠠᠯ᠎ᠠ᠂ ᠠᠤᠬᠠᠨ ᠬᠤᠰᠢᠭᠤ ᠨᠢ ᠰᠢᠶᠠᠩ ᠪᠠᠯᠭᠠᠰᠤ ᠨᠢᠭᠡᠪᠦᠷᠢ ᠳᠤ ᠨᠠᠭᠠᠳᠤ ᠵᠠᠬ᠎ᠠ ᠳᠠᠭᠠᠨ 3 ᠭᠠᠵᠠᠷ ᠴᠠᠬᠢᠯᠭᠠᠨ ᠴᠡᠨᠡᠭᠯᠡᠬᠦ ᠥᠷᠲᠡᠭᠡ ᠶᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ ᠨᠡᠯᠢᠶᠡᠳ ᠶᠡᠭᠡ ᠬᠡᠪᠴᠢᠶᠡᠨ ᠤ ᠵᠠᠰᠠᠭ ᠵᠠᠬᠢᠷᠭᠠᠨ ᠤ ᠲᠣᠰᠬᠤᠨ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ᠂ A ᠲᠠᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠡᠭᠦᠨ ᠳᠤ᠂ ᠬᠥᠳᠡᠭᠡ ᠲᠣᠰᠬᠤᠨ ᠤ ᠡᠳᠦᠷ ᠲᠤᠲᠤᠮ ᠤᠨ ᠶᠠᠪᠤᠵᠤ ᠰᠠᠭᠤᠬᠤ ᠲᠠᠯᠠᠪᠤᠷ ᠲᠤ ᠴᠠᠬᠢᠯᠭᠠᠨ ᠴᠡᠨᠡᠭᠯᠡᠬᠦ ᠪᠠᠭᠠᠨ᠎ᠠ 88 ᠰᠠᠭᠤᠷᠢ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ  ᠵᠠᠩᠭᠢᠯᠠᠭ᠎ᠠ ︵ᠰᠢᠶᠠᠩ ᠪᠠᠯᠭᠠᠰᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ᠂ ᠪᠠᠷᠠᠭᠠᠨ ᠤ ᠭᠦᠢᠯᠭᠡᠭᠡᠨ ᠤ ᠵᠠᠩᠭᠢᠶᠠᠰᠤ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠵᠡᠷᠭᠡ ᠪᠠᠭᠲᠠᠨ᠎ᠠ︶ 50 ᠰᠠᠭᠤᠷᠢ᠂ ᠵᠢᠭᠤᠯᠴᠢᠯᠠᠯ ᠤᠨ ᠦᠵᠡᠮᠵᠢ ᠶᠢᠨ ᠣᠷᠣᠨ 27 ᠰᠠᠭᠤᠷᠢ᠂ ᠵᠠᠰᠠᠮᠠᠯ ᠵᠠᠮ ᠳᠠᠭᠠᠤ ︵ᠳᠥᠷᠪᠡᠨ ᠰᠠᠶᠢᠨ ᠬᠥᠳᠡᠭᠡ ᠲᠣᠰᠬᠤᠨ ᠤ ᠵᠠᠮ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠪᠠᠭᠲᠠᠨ᠎ᠠ︶ 56 ᠰᠠᠭᠤᠷᠢ᠂ ᠬᠤᠲᠠ ᠶᠢᠨ ᠣᠯᠠᠨ ᠨᠡᠶᠢᠲᠡ ᠶᠢᠨ ᠶᠠᠪᠤᠵᠤ ᠰᠠᠭᠤᠬᠤ ᠦᠢᠯᠡᠴᠢᠯᠡᠭᠡ 20 ᠰᠠᠭᠤᠷᠢ᠃    ᠲᠣᠰ ᠤᠳᠠᠭ᠎ᠠ ᠤᠯᠤᠰ ᠤᠨ ᠰᠢᠶᠠᠨ ᠤ ᠬᠡᠪᠴᠢᠶᠡᠨ ᠤ ᠴᠠᠬᠢᠯᠭᠠᠨ ᠴᠡᠨᠡᠭᠯᠡᠵᠦ ᠰᠣᠯᠢᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠲᠤᠷᠰᠢᠯᠲᠠ ᠶᠢᠨ ᠰᠢᠶᠠᠨ ᠳᠤ ᠰᠣᠩᠭᠤᠭᠳᠠᠵᠤ᠂  ᠠᠣᠬᠠᠨ ᠬᠤᠰᠢᠭᠤᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠲᠥᠬᠦᠭᠡᠷᠦᠮᠵᠢ ᠶᠢᠨ ᠬᠦᠷᠦᠯᠴᠡᠬᠦ ᠥᠬᠡᠶ ᠲᠠᠯ᠎ᠠ ᠶᠢ ᠨᠥᠬᠦᠪᠥᠷᠢᠯᠡᠵᠦ᠂ ᠲᠣᠰ ᠣᠷᠣᠨ ᠪᠦᠰᠡ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ  ᠭᠦᠢᠴᠡᠳ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠠᠬᠢᠯᠭᠠᠨ ᠴᠡᠨᠡᠭᠯᠡᠵᠦ ᠰᠣᠯᠢᠬᠤ ᠲᠥᠬᠦᠭᠡᠷᠦᠮᠵᠢ ᠶᠢᠨ ᠲᠤᠯᠭᠠᠭᠤᠷᠢᠯᠠᠯ ᠬᠠᠩᠭᠠᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号