ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠷᠪᠠᠨ ᠲᠦᠮᠡᠨ ᠲᠣᠨ ᠤᠮᠳᠠᠭᠠᠨ ᠤ ᠣᠶᠤᠨᠴᠢ ᠦᠢᠯᠡᠳᠪᠦᠷᠢᠯᠡᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠡᠬᠢᠯᠡᠭᠦᠯᠬᠦ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/7/4
    7 ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠶ ᠶᠢᠨ ᠠᠵᠤ  ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠷᠪᠠᠨ ᠲᠦᠮᠡᠨ ᠲᠣᠨ ᠤᠮᠳᠠᠭᠠᠨ ᠤ ᠣᠶᠤᠨᠴᠢ ᠦᠢᠯᠡᠳᠪᠦᠷᠢᠯᠡᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠠᠵᠢᠯ ᠡᠬᠢᠯᠡᠭᠦᠯᠬᠦ ᠰᠠᠭᠤᠷᠢ ᠲᠠᠯᠪᠢᠬᠤ ᠶᠣᠰᠣᠯᠠᠯ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠢᠦᠶ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠾᠦᠢ ᠫᠦᠸᠧ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠪᠠ᠃ ᠵᠢᠶ ᠰᠢᠤᠢ ᠳ᠋ᠦᠩ ᠶᠣᠰᠣᠯᠠᠯ ᠢ ᠡᠷᠭᠢᠯᠡᠪᠡ᠃
C:\Users\Administrator\Desktop\1.jpg
    ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠭᠦᠸᠧ ᠢᠦᠢ ᠯᠢᠩ ᠪᠠᠶᠠᠷ ᠤᠨ ᠦᠭᠡ ᠬᠡᠯᠡᠪᠡ᠃
C:\Users\Administrator\Desktop\2.jpg
    ᠭᠦᠸᠧ ᠢᠦᠢ ᠯᠢᠩ ᠪᠠᠶᠠᠷ ᠤᠨ ᠦᠭᠡ ᠳᠡᠭᠡᠨ᠂ ᠥᠪᠥᠷ ᠮᠣᠩᠭᠤᠯ ᠤᠨ  ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠷᠪᠠᠨ ᠲᠦᠮᠡᠨ ᠲᠣᠨ ᠤᠮᠳᠠᠭᠠᠨ ᠤ ᠣᠶᠤᠨᠴᠢ ᠦᠢᠯᠡᠳᠪᠦᠷᠢᠯᠡᠯ ᠤᠨ ᠲᠠᠰᠤᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠢᠩᠬᠢᠨᠢ ᠪᠠᠷ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠶᠠᠪᠤᠳᠠᠯ ᠪᠣᠯ ᠠᠤᠬᠠᠨ ᠬᠤᠰᠢᠭᠤᠨ ᠤ ᠠᠮᠢ ᠠᠬᠤᠢ ᠶᠢᠨ ᠠᠵᠤ ᠦᠢᠯᠡᠰ ᠤᠨ ᠤᠶᠤᠨᠴᠢᠯᠠᠯᠲᠠ᠂ ᠲᠣᠭᠠᠴᠢᠯᠠᠯᠲᠠ᠂ ᠪᠣᠬᠢᠷᠲᠤᠯ ᠦᠭᠡᠢ ᠪᠠᠶᠢᠬᠤ ᠶᠢ ᠰᠦᠪᠡᠭᠴᠢᠯᠡᠬᠦ ᠪᠣᠳᠠᠲᠠᠢ ᠠᠵᠢᠯᠯᠠᠭ᠎ᠠ ᠪᠣᠯᠬᠤ ᠪᠠᠷ ᠪᠠᠷᠠᠬᠤ ᠦᠭᠡᠢ ᠪᠠᠰᠠ ᠤᠯᠠᠭᠠᠨᠬᠠᠳᠠ ᠬᠤᠳᠠ ᠶᠢᠨ ᠠᠮᠢ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠠᠮᠢᠳᠤᠯᠢᠭ ᠦᠢᠯᠡᠳᠦᠯᠭᠡ ᠪᠣᠯᠤᠨ᠎ᠠ᠂ ᠠᠤᠬᠠᠨ ᠬᠤᠰᠢᠭᠤᠨ ᠤ ᠤᠶᠤᠨᠴᠢᠯᠠᠭᠰᠠᠨ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠴᠣ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠠᠤᠬᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠮᠢᠴᠡ ᠳᠠᠪᠠᠭᠤᠯᠢᠭ ᠦᠷ᠎ᠡ ᠶᠢᠨ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠥᠨᠳᠥᠷ ᠬᠢᠷᠢ ᠲᠦᠪᠰᠢᠨ ᠢᠶᠠᠷ ᠰᠠᠶᠢᠲᠤᠷ ᠦᠢᠯᠡᠴᠢᠯᠡᠵᠦ᠂ ᠥᠪᠥᠷ ᠮᠣᠩᠭᠤᠯ ᠤᠨ  ᠱᠠ ᠮᠥᠸᠧ ᡁᠢ ᠬᠤᠸᠠ ᠠᠮᠢ ᠠᠬᠤᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠷᠪᠠᠨ ᠲᠦᠮᠡᠨ ᠲᠣᠨ ᠤᠮᠳᠠᠭᠠᠨ ᠤ ᠣᠶᠤᠨᠴᠢ ᠦᠢᠯᠡᠳᠪᠦᠷᠢᠯᠡᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠣᠳᠣᠨ ᠢᠨᠵᠧᠨᠧᠷᠢᠩ᠂ ᠦᠯᠢᠭᠡᠷ  ᠳᠠᠭᠤᠷᠢᠶᠠᠯᠲᠤ ᠢᠨᠵᠧᠨᠧᠷᠢᠩ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠨ ᠭᠠᠷᠭᠠᠪᠠ᠃
C:\Users\Administrator\Desktop\3.jpg
    ᠮᠠ ᠯᠢ ᠬᠤᠸᠠ ᠥᠪᠥᠷ ᠮᠣᠩᠭᠤᠯ ᠤᠨ  ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠷᠪᠠᠨ ᠲᠦᠮᠡᠨ ᠲᠣᠨ ᠤᠮᠳᠠᠭᠠᠨ ᠤ ᠣᠶᠤᠨᠴᠢ ᠦᠢᠯᠡᠳᠪᠦᠷᠢᠯᠡᠯ ᠤᠨ ᠲᠠᠰᠤᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠡᠬᠢᠯᠡᠭᠰᠡᠨ ᠢ ᠵᠠᠷᠯᠠᠪᠠ᠃    ᠰᠠᠭᠤᠷᠢ ᠲᠠᠯᠪᠢᠬᠤ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ  ᠱᠠ ᠮᠥᠸᠧ ᡁᠢ ᠬᠤᠸᠠ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠠᠮᠲᠤ ᠪᠠᠷ ᠲᠦᠷᠦᠯ ᠵᠦᠢᠯ ᠤᠨ ᠰᠢᠷᠤᠢ ᠨᠡᠮᠡᠵᠦ ᠰᠠᠭᠤᠷᠢ ᠲᠠᠯᠪᠢᠪᠠ᠃ ᠣᠶᠢᠯᠠᠭᠠᠭᠰᠠᠨ ᠢᠶᠠᠷ᠂  ᠱᠠ ᠮᠥᠸᠧ ᡁᠢ ᠬᠤᠸᠠ ᠺᠣᠮᠫᠠᠨᠢ ᠨᠢ ᠴᠢᠴᠠᠷᠭᠠᠨ᠎ᠠ᠂ ᠭᠦᠢᠯᠡᠰᠦᠨ ᠴᠥᠮ᠎ᠡ ᠶᠢᠨ ᠠᠵᠤ ᠦᠢᠯᠡᠰ ᠲᠤ ᠰᠠᠭᠤᠷᠢᠯᠠᠨ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠵᠣᠬᠢᠴᠠᠩᠭᠤᠶ ᠪᠠᠷ ᠬᠥᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠪᠣᠬᠢᠷᠲᠤᠯ ᠥᠬᠡᠶ ᠦᠢᠯᠡᠳᠪᠦᠷᠢ︾ ᠶᠢ ᠦᠨᠡᠯᠡᠨ ᠲᠣᠭᠲᠠᠭᠠᠬᠤ ᠪᠠᠷ ᠳᠠᠮᠵᠢᠭᠤᠯᠤᠨ᠂ ︽ᠤᠯᠤᠰ ᠤᠨ ᠣᠶ ᠰᠢᠭᠤᠶ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ︾᠂ ︽ᠥᠪᠥᠷ ᠮᠣᠩᠭᠤᠯ ᠤᠨ ᠨᠠᠷᠠᠲᠤ ᠲᠠᠸᠠᠷ ᠤᠨ ᠲᠡᠮᠳᠡᠭ︾ ᠵᠡᠷᠭᠡ ᠢᠷᠠᠭᠤ ᠠᠯᠳᠠᠷ ᠢ ᠭᠥᠷᠳᠡᠪᠡ᠃ ᠥᠪᠥᠷ ᠮᠣᠩᠭᠤᠯ ᠤᠨ  ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠷᠪᠠᠨ ᠲᠦᠮᠡᠨ ᠲᠣᠨ ᠤᠮᠳᠠᠭᠠᠨ ᠤ ᠣᠶᠤᠨᠴᠢ ᠦᠢᠯᠡᠳᠪᠦᠷᠢᠯᠡᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠨᠢ ᠴᠢᠴᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢ ᠪᠦᠲᠦᠮᠵᠢᠲᠡᠢ ᠨᠡᠪᠲᠡᠷᠡᠭᠦᠯᠵᠦ ᠴᠢᠴᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠠᠵᠢᠯ ᠣᠯᠭᠤᠬᠤ ᠲᠣᠬᠢᠶᠠᠯ ᠢ ᠥᠷᠭᠡᠳᠬᠡᠬᠦ᠂ ᠣᠷᠣᠨ ᠨᠤᠲᠤᠭ ᠤᠨ ᠠᠵᠤ ᠠᠬᠤᠢ ᠶᠢ ᠳᠠᠶᠢᠴᠢᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
C:\Users\Administrator\Desktop\4.jpg
    ᠥᠪᠥᠷ ᠮᠣᠩᠭᠤᠯ ᠤᠨ  ᠱᠠ ᠮᠥᠸᠧ ᡁᠢ ᠬᠤᠸᠠ ᠠᠮᠢ ᠠᠬᠤᠶ ᠶᠢᠨ ᠠᠵᠤ  ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠰᠢᠤᠢ ᠵᠢᠶᠦ᠋ᠨ ᠵᠢᠦ᠄  ᠱᠠ ᠮᠥᠸᠧ ᡁᠢ ᠬᠤᠸᠠ ᠶᠢᠨ ᠠᠷᠪᠠᠨ ᠲᠦᠮᠡᠨ ᠲᠣᠨ ᠤᠮᠳᠠᠭᠠᠨ ᠤ ᠣᠶᠤᠨᠴᠢ ᠦᠢᠯᠡᠳᠪᠦᠷᠢᠯᠡᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠣᠶᠤᠨᠴᠢ ᠬᠥᠮᠥᠷᠭᠡᠯᠡᠨ ᠬᠠᠳᠠᠭᠠᠯᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1.1 ᠳ᠋ᠦᠩᠰᠢᠭᠤᠷ ᠲᠥᠭᠦᠷᠢᠭ ᠪᠠᠶᠢᠵᠤ᠂ ᠡᠵᠡᠯᠡᠬᠦ ᠲᠠᠯᠠᠪᠠᠶ ᠨᠢ ︵ᠪᠠᠷᠤᠭ ︶75000 ᠲᠡᠭᠰᠢ ᠳᠥᠷᠪᠡᠯᠵᠢᠨ  ᠮᠧᠲᠷ ᠪᠠᠶᠢᠵᠤ᠂  ᠦᠢᠯᠡᠳᠪᠦᠷᠢᠯᠡᠯ ᠤᠨ ᠲᠠᠰᠤᠭ ︵ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠲᠠᠯᠠᠪᠠᠶ︶ 18000 ᠲᠡᠭᠰᠢ ᠳᠥᠷᠪᠡᠯᠵᠢᠨ ᠮᠧᠲᠷ ᠪᠠᠶᠢᠵᠤ᠂ ᠵᠢᠱᠢᠯᠲᠡ ᠪᠠᠷ 2026 ᠣᠨ ᠳᠤ ᠪᠥᠲᠥᠭᠡᠨ ᠪᠠᠶᠢᠭᠤᠯᠵᠤ ᠳᠠᠭᠤᠰᠬᠠᠨ᠎ᠠ᠃ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠪᠣᠯ 15000 ᠲᠡᠭᠰᠢ ᠳᠥᠷᠪᠡᠯᠵᠢᠨ  ᠮᠧᠲᠷ ᠪᠠᠶᠢᠵᠤ᠂ ᠵᠢᠱᠢᠯᠲᠡ ᠪᠠᠷ 2035 ᠣᠨ ᠳᠤ ᠪᠡᠶᠡᠯᠡᠭᠦᠯᠵᠦ᠂ ᠲᠣᠰ ᠲᠥᠷᠥᠯ ᠵᠦᠢᠯ ᠢ 2035 ᠣᠨ ᠳᠤ 10 ᠲᠦᠮᠡᠨ ᠲᠣᠨ ᠦᠢᠯᠡᠳᠪᠦᠷᠢᠯᠡᠵᠦ᠂ 15 ᠳ᠋ᠦᠩᠰᠢᠭᠤᠷ ᠲᠥᠭᠦᠷᠢᠭ ᠪᠣᠷᠣᠯᠠᠭᠤᠯᠵᠤ᠂ ᠠᠰᠢᠭ ᠭᠠᠶᠢᠯᠢ 1.1 ᠳ᠋ᠦᠩᠰᠢᠭᠤᠷ ᠲᠥᠭᠦᠷᠢᠭ ᠪᠣᠷᠣᠯᠠᠭᠤᠯᠤᠨ᠎ᠠ  ᠭᠡᠪᠡ᠃     ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ᠂ ᠪᠠᠷᠢᠯᠭ᠎ᠠ ᠶᠢᠨ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号