ᠸᠠᠩ ᠶᠦᠩ ᠵᠢᠶᠦ᠋ᠨ ᠮᠠᠨᠢᠬᠠᠨ ᠰᠢᠶᠠᠩ  ᠬᠤᠸᠠᠩ ᠶᠠᠩ ᠸᠠ ᠪᠠᠯᠭᠠᠰᠤ   ᠭᠤᠷᠪᠠᠨᠬᠤᠸᠠ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠮᠠᠨᠢᠬᠠᠨ ᠰᠢᠶᠠᠩ᠂ ᠬᠤᠸᠠᠩ ᠶᠠᠩ ᠸᠠ ᠪᠠᠯᠭᠠᠰᠤ᠂ ᠭᠤᠷᠪᠠᠨᠬᠤᠸᠠ ᠪᠠᠯᠭᠠᠰᠤᠨ ᠳᠤ ᠬᠦᠷᠴᠦ ᠠᠵᠢᠯ ᠢ ᠪᠠᠶᠢᠴᠠᠭᠠᠨ ᠰᠣᠳᠤᠯᠵᠤ ᠵᠢᠭᠠᠨ ᠵᠢᠯᠣᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
C:\Users\Administrator\Desktop\10.jpg
    ᠸᠠᠩ ᠶᠦᠩ ᠵᠢᠶᠦ᠋ᠨ ᠤᠷᠢᠳ ᠬᠤᠵᠢᠳ ᠮᠠᠨᠢᠬᠠᠨ ᠰᠢᠶᠠᠩ᠂ ᠬᠤᠸᠠᠩ ᠶᠠᠩ ᠸᠠ ᠪᠠᠯᠭᠠᠰᠤ᠂ ᠭᠤᠷᠪᠠᠨᠬᠤᠸᠠ ᠪᠠᠯᠭᠠᠰᠤᠨ ᠳᠤ ᠬᠦᠷᠴᠦ ᠭᠤᠣᠯᠳᠠᠯᠭ᠎ᠠ ᠲᠠᠢ ᠲᠦᠷᠦᠯ ᠵᠦᠢᠯ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ︽ᠭᠤᠷᠪᠠᠨ ᠵᠦᠢᠯ ︾ ᠤᠨ ᠠᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠠᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠶᠢᠴᠠᠭᠠᠨ ᠰᠤᠳᠤᠯᠪᠠ᠃
C:\Users\Administrator\Desktop\11.jpg
    ᠸᠠᠩ ᠶᠦᠩ ᠵᠢᠶᠦ᠋ᠨ ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠴᠢᠬᠤᠯᠠ ᠰᠠᠭᠤᠷᠢ ᠮᠥᠨ ᠂ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠲᠠᠰ ᠳᠡᠪᠰᠢᠬᠦ ᠶᠢ ᠳᠥᠯᠭᠢᠨ ᠠᠬᠢᠭᠤᠯᠵᠤ᠂ ᠭᠠᠵᠠᠷ ᠰᠢᠷᠣᠶ ᠶᠢᠨ ᠡᠷᠭᠢᠯᠲᠡ ᠪᠠᠷ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠳᠥᠯᠭᠢᠨ ᠠᠬᠢᠭᠤᠯᠵᠤ᠂ ᠲᠠᠷᠢᠮᠠᠯ ᠤᠨ ᠡᠷᠦᠬᠡ ᠶᠢ ᠤᠷᠢᠵᠤ  ᠠᠷᠠᠯᠵᠢᠶᠠᠴᠢᠨ ᠢᠶᠠᠷ  ᠠᠷᠠᠯᠵᠢᠶᠠᠴᠢᠨ ᠤᠷᠢᠵᠤ᠂ ᠣᠨᠴᠠᠯᠢᠭ ᠲᠠᠢ ᠭᠤᠣᠯᠯᠠᠬᠤ ᠠᠵᠤ ᠦᠢᠯᠡᠰ ᠢ ᠪᠣᠶ ᠪᠣᠯᠭᠠᠬᠤ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠪᠠᠭ ᠢ ᠰᠢᠯᠢᠳᠡᠭ ᠢ ᠨᠢ ᠰᠣᠩᠭᠤᠨ ᠲᠤᠬᠢᠷᠠᠭᠤᠯᠵᠤ᠂ ᠥᠷᠭᠡᠨ ᠤᠯᠠᠨ ᠲᠦᠮᠡᠨ ᠢ ᠳᠠᠭᠠᠭᠤᠯᠤᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠬᠠᠮᠲᠤᠪᠠᠷ ᠣᠷᠣᠯᠴᠠᠬᠤ ᠬᠡᠷᠡᠭᠲᠡᠢ ᠭᠡᠵᠦ ᠵᠢᠭᠠᠨ ᠭᠠᠷᠭᠠᠪᠠ᠃
C:\Users\Administrator\Desktop\12.jpg
    ᠸᠠᠩ ᠶᠦᠩ ᠵᠢᠶᠦ᠋ᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠡᠯ᠎ᠡ ᠰᠢᠶᠠᠩ ᠪᠠᠯᠭᠠᠰᠤᠨ ᠤ ︽ᠭᠤᠷᠪᠠᠨ ᠵᠦᠢᠯ ︾ ᠤᠨ ᠠᠵᠢᠯ ᠢ ᠠᠬᠢᠭᠤᠯᠬᠤ ᠳᠤᠮᠳᠠᠬᠢ ᠠᠬᠢᠴᠠ ᠶᠢᠨ ᠪᠠᠶᠢᠳᠠᠯ ᠪᠣᠯᠤᠨ ᠲᠤᠯᠭᠠᠷᠠᠭᠰᠠᠨ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ᠂ ︽ᠭᠤᠷᠪᠠᠨ ᠵᠦᠢᠯ︾ ᠤᠨ ᠠᠵᠢᠯ ᠪᠣᠯ ᠬᠠᠷᠢᠯᠴᠠᠨ ᠬᠤᠯᠪᠣᠭᠠᠯᠠᠵᠤ᠂ ᠬᠠᠷᠢᠯᠴᠠᠨ ᠠᠬᠢᠭᠤᠯᠬᠤ ᠣᠷᠭᠠᠨᠢᠭ ᠪᠦᠬᠦᠯᠢ ᠴᠣᠭᠴᠠ ᠮᠥᠨ᠂ ᠡᠷᠬᠡᠪᠰᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠬᠠᠮᠵᠢᠯᠴᠠᠨ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠬᠥᠮᠦᠵᠢᠯ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠡᠴᠦᠰ ᠤᠨ ᠬᠠᠷᠠᠯᠲᠠ ᠪᠣᠯᠭᠠᠵᠤ᠂ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠳᠣᠭᠢᠷᠠᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠦ ᠴᠢᠬᠤᠯᠠᠴᠢᠯᠠᠪᠠ᠃
 C:\Users\Administrator\Desktop\13.jpg
   ᠠᠶᠤᠯᠭᠦᠢ ᠦᠢᠯᠡᠳᠪᠦᠷᠢᠯᠡᠯ ᠤᠨ ᠲᠤᠬᠠᠢ ᠸᠠᠩ ᠶᠦᠩ ᠵᠢᠶᠦ᠋ᠨ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠠᠮᠢᠨ ᠰᠤᠳᠠᠰᠤ ᠮᠥᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢᠨ ᠰᠠᠭᠤᠷᠢ ᠮᠥᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠵᠦ᠂ ᠠᠶᠤᠯᠭᠦᠢ ᠣᠷᠣᠭᠤᠯᠤᠯᠲᠠ ᠶᠢ ᠪᠣᠳᠠᠲᠠᠶᠢᠵᠢᠭᠤᠯᠬᠤ᠂ ᠠᠮᠤᠷ ᠲᠦᠪᠰᠢᠨ ᠤ ᠬᠠᠮᠢᠶᠠᠷᠤᠯᠲᠠ ᠶᠢ ᠪᠣᠳᠠᠲᠠᠶᠢᠵᠢᠭᠤᠯᠬᠤ᠂ ᠠᠮᠤᠷ ᠲᠦᠪᠰᠢᠨ ᠤ ᠪᠣᠯᠪᠠᠰᠤᠷᠠᠯ ᠢ ᠪᠣᠳᠠᠲᠠᠶᠢᠵᠢᠭᠤᠯᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠭᠠᠷᠬᠤ ᠡᠭᠦᠳᠡ ᠶᠢ ᠰᠠᠭᠠᠳ ᠦᠭᠡᠢ ᠨᠡᠪᠲᠡᠷᠡᠭᠦᠯᠵᠦ᠂ ︽ᠭᠤᠷᠪᠠ ᠶᠢ ᠵᠥᠷᠢᠴᠡᠬᠦ︾ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠤᠨ ᠬᠢᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠲᠣᠭᠤᠷᠢᠨ ᠳᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 C:\Users\Administrator\Desktop\14.jpg
   ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠸᠠᠩ ᠶᠦᠩ ᠵᠢᠶᠦ᠋ᠨ᠂ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠮᠠᠨ ᠤ ᠬᠤᠰᠢᠭᠤᠨ ᠤ ᠪᠣᠷᠣᠭᠠᠨ ᠤ ᠬᠡᠮᠵᠢᠶ᠎ᠡ ᠨᠢᠳᠤᠨᠤᠨ ᠤ ᠬᠢ ᠠᠴᠠ ᠢᠯᠡᠳᠲᠡ ᠨᠡᠮᠡᠭᠳᠡᠭᠰᠡᠨ ᠪᠥᠭᠡᠳ ᠣᠬᠤᠷᠬᠠᠨ ᠬᠤᠭᠤᠴᠠᠭᠠᠨ ᠤ ᠰᠢᠷᠦᠭᠦᠨ ᠪᠣᠷᠣᠭᠠᠨ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠲᠠᠢ ᠪᠣᠯᠬᠤᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠦᠶᠡᠷ ᠢ ᠰᠡᠷᠭᠡᠶᠢᠯᠡᠬᠦ᠂ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠠᠴᠠ ᠠᠪᠤᠷᠬᠠᠤ᠂ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠲᠤᠯᠠᠭ᠎ᠠ ᠶᠢ ᠳᠠᠭᠠᠭᠠᠴᠢᠯᠠᠬᠤ ᠲᠦᠷᠢᠮ ᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠮᠡᠳᠡᠯᠭᠡ  ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠶᠢ ᠴᠠᠭ ᠲᠤᠬᠠᠢ ᠳᠤᠨᠢ ᠨᠡᠶᠢᠲᠡᠯᠡᠵᠦ᠂ ᠭᠤᠣᠯ ᠤᠨ ᠵᠠᠮ᠂ ᠤᠰᠤ ᠥᠩᠭᠡᠷᠡᠬᠦ ᠵᠠᠮ᠂ ᠬᠠᠰᠢᠯᠭ᠎ᠠ ᠵᠡᠷᠭᠡ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号