ᠰᠧ ᠳ᠋ᠤᠤ ᠸᠠᠨ ᠽᠢ ᠪᠠᠯᠭᠠᠰᠤ ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠤᠨ ᠶᠠᠰᠤ ᠴᠢᠨᠠᠷ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/5
    ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠤᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠵᠢᠴᠢ ᠲᠡᠭᠦᠨ ᠤ ᠰᠡᠯᠪᠢᠭ ᠲᠣᠨᠤᠭ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ  ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠧ ᠳ᠋ᠤᠤ ᠸᠠᠨ ᠽᠢ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭ᠎ᠠ ᠭᠠᠵᠠᠷ ᠤᠨ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠭᠰᠠᠨ ᠰᠠᠭᠤᠷᠢᠨ ᠳᠡᠭᠡᠷ᠎ᠡ ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠵᠢᠴᠢ ᠰᠡᠯᠪᠢᠭ ᠲᠣᠨᠤᠭ ᠤᠨ ᠦᠢᠯᠡᠳᠬᠦᠨ ᠤ ᠶᠠᠰᠤ ᠴᠢᠨᠠᠷ ᠤᠨ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠬᠤ ᠶᠠᠪᠤᠴᠠ ᠳᠤ᠂ ᠬᠤᠳᠠᠯᠳᠤᠭᠠᠴᠢᠨ ᠤ ᠪᠣᠷᠣᠯᠠᠭᠤᠯᠵᠤ ᠪᠠᠶᠢᠭ᠎ᠠ ᠰᠢᠲᠠᠮᠠᠬᠠᠶ ᠬᠡᠶ ᠶᠢᠨ ᠵᠤᠤᠬ᠎ᠠ ᠳᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠣᠯᠤᠭᠰᠠᠨ ᠡᠰᠡᠬᠦ᠂ ᠭᠠᠯ ᠤᠨᠲᠠᠷᠠᠭᠠᠬᠤ ᠬᠠᠮᠠᠭᠠᠯᠠᠯᠲᠠ ᠶᠢᠨ ᠲᠥᠬᠦᠭᠡᠷᠦᠮᠵᠢ ᠤᠭᠰᠠᠷᠠᠭᠰᠠᠨ ᠡᠰᠡᠬᠦ᠂  ᠦᠢᠯᠡᠳᠪᠦᠷᠢ ᠶᠢᠨ  ᠨᠡᠷ᠎ᠡ ᠦᠢᠯᠡᠳᠪᠦᠷᠢ ᠶᠢᠨ ᠬᠠᠶ᠋ᠢᠭ ᠪᠠᠶᠢᠬᠤ ᠡᠰᠡᠬᠦ᠂  ᠦᠢᠯᠡᠳᠬᠦᠨ ᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠰᠢᠯᠭᠠᠪᠠ︔ ᠬᠤᠳᠠᠯᠳᠤᠭᠠᠴᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠷᠠᠭ᠎ᠠ ᠣᠷᠣᠭᠤᠯᠬᠤ ᠡᠬᠡ ᠲᠠᠩᠰᠠ ᠨᠢ ᠪᠦᠷᠢᠨ ᠲᠡᠭᠦᠯᠳᠡᠷ ᠪᠠᠶᠢᠬᠤ ᠡᠰᠡᠬᠦ ᠶᠢ ᠪᠠᠶᠢᠴᠠᠭᠠᠪᠠ᠃ ᠭᠤᠷᠪᠠ ᠥᠬᠡᠶ ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠢ ᠪᠣᠷᠣᠯᠠᠭᠤᠯᠬᠤ ᠬᠤᠳᠠᠯᠳᠤᠭᠠᠴᠢᠳ ᠲᠤ  ᠦᠢᠯᠡᠳᠬᠦᠨ ᠤ ᠶᠠᠰᠤ ᠴᠢᠨᠠᠷ ᠤᠨ ᠬᠠᠤᠯᠢ ᠶᠢ ᠤᠬᠠᠭᠤᠯᠤᠨ ᠲᠠᠶᠢᠯᠪᠤᠷᠢᠯᠠᠵᠤ᠂ ᠲᠣᠰ ᠲᠥᠷᠥᠯ ᠤᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯᠲᠦ ᠴᠢᠨᠠᠷ  ᠂ ︽ᠪᠠᠭ᠎ᠠ ᠠᠴᠠ  ᠪᠣᠯᠵᠤ ᠶᠡᠭᠡ ᠬᠤᠬᠢᠷᠠᠯ ᠳᠤ ᠤᠴᠠᠷᠠᠬᠤ︾  ᠶᠢ ᠰᠡᠷᠭᠡᠶᠢᠯᠡᠬᠦ ᠬᠡᠷᠡᠭᠲᠡᠢ  ᠭᠡᠵᠦ ᠮᠡᠳᠡᠭᠳᠡᠪᠡ︔ ᠤᠯᠤᠰ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠭᠰᠡᠨ ᠰᠢᠲᠠᠮᠠᠬᠠᠶ ᠵᠤᠤᠬ᠎ᠠ ᠶᠢᠨ ᠬᠡᠷᠡᠭᠰᠡᠯ ᠢ ᠪᠣᠷᠣᠯᠠᠭᠤᠯᠬᠤ ᠬᠤᠳᠠᠯᠳᠤᠭᠠᠴᠢᠳ ᠢ ᠮᠠᠭᠲᠠᠨ ᠵᠣᠷᠢᠭᠵᠢᠭᠤᠯᠵᠤ᠂ ᠰᠢᠲᠠᠮᠠᠬᠠᠶ ᠵᠤᠤᠬ᠎ᠠ ᠶᠢᠨ ᠬᠡᠷᠡᠭᠰᠡᠯ ᠤᠨ ᠪᠠᠷᠢᠮᠵᠢᠶ᠎ᠠ ᠶᠢ ᠬᠡᠷᠡᠭᠵᠢᠭᠦᠯᠬᠦ ᠪᠠ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠲᠡᠳᠡᠨ ᠤ ᠲᠤᠰᠬᠠᠶ ᠮᠡᠷᠭᠡᠵᠢᠯ ᠤᠨ ᠮᠡᠳᠡᠯᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠪᠠᠶᠢᠴᠠᠭᠠᠯᠲᠠ ᠶᠢᠨ ᠬᠤᠭᠤᠴᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠬᠦ ᠡᠷᠦᠬᠡ ᠲᠠᠢ ᠠᠮᠠᠯᠠᠯᠲᠠ ᠶᠢᠨ ᠪᠢᠴᠢᠭ ᠲᠣᠭᠲᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠭᠡᠷᠡᠴᠢ ᠪᠠᠷᠢᠮᠲᠠ ᠠᠪᠬᠤ ᠳᠦᠷᠢᠮ ᠢ ᠴᠢᠩᠳᠠᠯᠠᠵᠤ᠂ ᠦᠢᠯᠡᠳᠪᠦᠷᠢᠯᠡᠬᠦ ᠵᠥᠪᠰᠢᠶᠡᠷᠡᠯ ᠣᠯᠤᠭᠰᠠᠨ ᠦᠭᠡᠢ ᠪᠠ ᠲᠡᠮᠳᠡᠭ ᠲᠣᠳᠣᠷᠬᠠᠶᠢᠯᠠᠭᠰᠠᠨ ᠦᠭᠡᠢ ᠰᠢᠲᠠᠮᠠᠬᠠᠶ ᠬᠡᠢ ᠶᠢᠨ ᠵᠤᠤᠬ᠎ᠠ ᠶᠢᠨ ᠬᠡᠷᠡᠭᠰᠡᠯ ᠤᠨ ᠦᠢᠯᠡᠳᠬᠦᠨ ᠢ ᠪᠣᠷᠣᠯᠠᠭᠤᠯᠬᠤ ᠦᠭᠡᠢ᠂ ᠰᠢᠲᠠᠮᠠᠬᠠᠶ ᠬᠡᠢ ᠶᠢᠨ ᠵᠤᠤᠬ᠎ᠠ ᠶᠢᠨ ᠬᠡᠷᠡᠭᠰᠡᠯ ᠤᠨ ᠪᠦᠲᠦᠭᠡᠭᠳᠡᠬᠦᠨ ᠤ ᠶᠠᠰᠤ ᠴᠢᠨᠠᠷ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠳᠡᠯᠭᠡᠭᠦᠷ ᠲᠤ ᠤᠬᠠᠭᠤᠯᠭ᠎ᠠ ᠶᠢᠨ ᠵᠠᠷᠯᠠᠯ ᠨᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠬᠠᠭᠤᠯᠭ᠎ᠠ ᠪᠠᠨ ᠴᠢᠩᠭᠠᠳᠬᠠᠵᠤ᠂ ᠬᠡᠷᠡᠭᠯᠡᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠶᠠᠰᠤ ᠴᠢᠨᠠᠷ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠠᠶᠢᠨ ᠮᠠᠭᠤ ᠶᠢ ᠢᠯᠭᠠᠨ ᠲᠠᠨᠢᠵᠤ᠂ ᠰᠢᠲᠠᠮᠠᠬᠠᠶ ᠬᠡᠶ ᠶᠢᠨ ᠵᠤᠤᠬ᠎ᠠ ᠶᠢ ᠵᠥᠪ ᠢᠶᠠᠷ ᠰᠣᠩᠭᠤᠨ ᠬᠤᠳᠠᠯᠳᠤᠨ ᠠᠪᠴᠤ  ᠴᠢᠳᠠᠬᠤ ᠬᠡᠮᠵᠢᠶ᠎ᠡ ᠶᠢ ᠳᠡᠭᠡᠭᠰᠢᠯᠡᠭᠦᠯᠪᠡ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠰᠧ ᠳ᠋ᠤᠤ ᠸᠠᠨ ᠽᠢ ᠪᠠᠯᠭᠠᠰᠤᠨ ᠤ ᠬᠠᠷᠢᠶ᠎ᠠ ᠣᠷᠣᠨ ᠤ ᠰᠢᠲᠠᠮᠠᠬᠠᠶ ᠬᠡᠶ ᠶᠢᠨ ᠵᠤᠤᠬ᠎ᠠ ᠶᠢᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠴᠡᠪᠡᠷᠰᠢᠭᠦᠯᠪᠡ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠬᠢᠨᠠᠯᠲᠠ ᠲᠠᠯᠪᠢᠵᠤ ᠪᠠᠶᠢᠴᠠᠭᠠᠬᠤ ᠬᠦᠷᠢᠶ᠎ᠡ ᠬᠡᠪᠴᠢᠶ᠎ᠡ᠂  ᠪᠠᠶᠢᠴᠠᠭᠠᠬᠤ ᠤᠳᠠᠭ᠎ᠠ  ᠪᠠ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠭᠤᠷᠮᠠᠭ ᠮᠠᠭᠤ ᠵᠤᠤᠬ᠎ᠠ ᠶᠢᠨ ᠬᠡᠷᠡᠭᠰᠡᠯ ᠢ ᠪᠣᠷᠣᠯᠠᠭᠤᠯᠬᠤ ᠵᠡᠷᠭᠡ ᠬᠤᠯᠪᠣᠭᠳᠠᠯ ᠪᠦᠬᠦᠢ ᠦᠢᠯᠡᠳᠬᠦᠨ ᠤ ᠠᠵᠢᠯᠯᠠᠭ᠎ᠠ ᠳᠤ ᠴᠢᠩᠭ᠎ᠠ ᠬᠦᠨᠳᠦ ᠪᠥᠭᠡᠳ ᠲᠦᠷᠭᠡᠨ ᠢᠶᠠᠷ ᠴᠣᠬᠢᠯᠲᠠ ᠥᠭᠴᠦ᠂ ᠬᠤᠳᠠᠯᠳᠤᠭᠠᠴᠢᠨ ᠤ ᠶᠣᠰᠣ ᠰᠤᠷᠲᠠᠬᠤᠨ ᠤ ᠬᠠᠤᠯᠢ ᠴᠠᠭᠠᠵᠠ ᠶᠢᠨ ᠤᠬᠠᠮᠰᠠᠷ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠠᠮᠤᠷ ᠠᠮᠤᠭᠤᠯᠠᠩ ᠰᠧ ᠳ᠋ᠤᠤ  ᠸᠠᠨ ᠽᠢ ᠪᠠᠯᠭᠠᠰᠤ ᠶᠢ ᠬᠠᠮᠲᠤ ᠪᠠᠷ  ᠪᠠᠶᠢᠭᠤᠯᠤᠨ᠎ᠠ ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号