ᠶᠢᠨ ᠴᠠᠩ ᠭᠸᠦ ᠯᠢᠶᠠᠩ ᠪᠠᠯᠭᠠᠰᠤ᠄ ᠣᠯᠠᠨ ᠲᠠᠯ᠎ᠠ ᠪᠠᠷ ᠬᠦᠴᠦᠯᠡᠵᠦ ᠲᠣᠤᠷᠵᠢᠭᠤᠯᠤᠭᠰᠠᠨ ᠦᠢᠯᠡᠴᠢᠯᠡᠭᠡ ᠶᠢ ᠰᠢᠯᠢᠳᠡᠭᠵᠢᠭᠦᠯᠦᠨ ᠪᠣᠳᠠᠲᠠᠶᠢᠵᠢᠭᠤᠯᠤᠨ᠎ᠠ
ᠨᠡᠶᠢᠲᠡᠯᠡᠭᠰᠡᠨ ᠴᠠᠭ᠄
2024/7/5
    ᠡᠨᠡ ᠵᠢᠯ ᠠᠴᠠ ᠨᠠᠰᠢ᠂ ᠶᠢᠨ ᠴᠠᠩ ᠭᠧᠤ ᠯᠢᠶᠠᠩ ᠪᠠᠯᠭᠠᠰᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠲᠠᠰᠤᠷᠠᠯᠲᠠ ᠥᠬᠡᠶ ᠨᠠᠷᠢᠯᠢᠭ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠠᠷᠢᠶ᠎ᠠ ᠣᠷᠣᠨ ᠤ ᠣᠯᠠᠨ ᠲᠦᠮᠡᠨ ᠳᠤ ᠨᠠᠩ ᠨᠠᠷᠢᠯᠢᠭ ᠰᠦᠯᠵᠢᠶᠡᠨ ᠤ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠵᠠᠰᠠᠯᠲᠠ ᠪᠠ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠦᠮᠧᠲᠷ︾ ᠢ ᠪᠦᠲᠦᠮᠵᠢᠲᠡᠶ ᠨᠡᠪᠲᠡᠷᠡᠭᠦᠯᠪᠡ᠃    ᠨᠢᠭᠡ ᠳᠤ᠂ ᠵᠥᠷᠢᠴᠡᠯ ᠢ ᠡᠶᠡᠳᠡᠭᠦᠯᠦᠨ ᠠᠷᠠᠳ ᠤᠨ ᠵᠣᠪᠠᠨᠢᠯ ᠢ ᠠᠷᠢᠯᠭᠠᠵᠤ᠂ ᠦᠵᠡᠰᠬᠦᠯᠡᠩᠲᠦ ᠰᠠᠶᠢᠬᠠᠨ ︽ᠰᠢᠨ᠎ᠡ ᠦᠵᠡᠮᠵᠢ︾ ᠶᠢ ᠵᠢᠷᠤᠭᠯᠠᠨ᠎ᠠ᠃ ᠲᠤᠤᠷᠴᠢᠯᠠᠭᠰᠠᠨ ᠬᠠᠮᠢᠶᠠᠷᠤᠯᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠬᠦ ᠡᠩᠨᠡᠭᠡ ᠶᠢ ᠵᠣᠬᠢᠶᠠᠨ ᠪᠠᠶᠢᠭᠤᠯᠵᠤ᠂ ︽ᠲᠥᠷᠥᠯ ᠰᠠᠳᠤᠨ ᠨᠠᠶᠢᠵᠠ ᠨᠥᠬᠦᠳ ᠢᠶᠠᠨ ᠰᠤᠷᠪᠤᠯᠵᠢᠯᠠᠬᠤ︾᠂ ︽ᠰᠤᠷᠪᠤᠯᠵᠢᠯᠠᠨ ᠲᠣᠭᠤᠷᠢᠨ ᠪᠠᠶᠢᠴᠠᠭᠠᠬᠤ︾ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠤᠷᠴᠢᠯᠠᠭᠰᠠᠨ ᠳᠣᠲᠣᠷᠠᠬᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠪᠠᠶᠢᠴᠠᠭᠠᠨ ᠣᠶᠢᠯᠠᠭᠠᠵᠤ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠶ︔ ᠴᠠᠭ ᠲᠤᠬᠠᠶ ᠳᠤᠨᠢ ᠰᠢᠢᠳᠪᠦᠷᠢᠯᠡᠵᠦ ᠳᠡᠶᠢᠯᠬᠦ ᠦᠭᠡᠢ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠪᠠᠷ ᠳᠠᠮᠵᠢᠭᠤᠯᠤᠨ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠬᠡᠷᠡᠭᠲᠡᠶ᠃    ᠬᠤᠶᠠᠷ ᠲᠤ᠂ ᠠᠶᠤᠯ ᠲᠦᠭᠰᠢᠭᠦᠷᠢ ᠶᠢ ᠰᠡᠷᠭᠡᠶᠢᠯᠡᠨ ᠬᠡᠮ ᠰᠣᠭᠤᠭ ᠢ ᠠᠷᠢᠯᠭᠠᠵᠤ᠂ ᠬᠠᠷᠢᠶᠠᠲᠤ ᠣᠷᠣᠨ ᠤ ︽ᠠᠮᠤᠷ ᠠᠮᠤᠭᠤᠯᠠᠩ︾ ᠢ  ᠪᠠᠶᠢᠭᠤᠯᠤᠨ᠎ᠠ᠃ ᠠᠮᠤᠷ ᠠᠮᠤᠭᠤᠯᠠᠩ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠦᠯᠵᠢᠶᠡᠨ ᠤ ᠠᠵᠢᠯᠲᠠᠳ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠠᠰᠠᠷ᠂ ᠬᠤᠳᠠᠯᠳᠤᠭᠠᠨ ᠤ ᠫᠦᠰᠡ᠂ ᠬᠤᠭᠤᠯᠠᠨ ᠬᠡᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠠᠰᠠᠭᠤᠳᠠᠯ ᠤᠨ ᠲᠣᠭᠤᠷᠢᠨ ᠳᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠮᠥᠷᠳᠡᠨ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠠᠷᠢᠯᠭᠠᠪᠠ᠃    ᠭᠤᠷᠪᠠ ᠳᠤ᠂ ᠤᠬᠠᠭᠤᠯᠭ᠎ᠠ ᠶᠢ ᠴᠢᠩᠭᠠᠳᠬᠠᠵᠤ ᠦᠢᠯᠡᠴᠢᠯᠡᠭᠡ ᠶᠢ ᠰᠢᠯᠢᠳᠡᠭᠵᠢᠭᠦᠯᠵᠦ᠂ ᠨᠡᠪᠲᠡᠷᠡᠯᠴᠡᠭᠡ ᠶᠢᠨ ︽ᠰᠡᠳᠬᠢᠯ ᠤᠨ ᠬᠥᠭᠦᠷᠭᠡ︾ ᠶᠢ  ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠣᠯᠠᠨ ᠲᠦᠮᠡᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠤ ᠠᠵᠢᠯᠲᠠᠨ ᠤ ︽ᠬᠥᠮᠦᠨ ᠨᠢ ᠪᠣᠯᠪᠠᠰᠤᠷᠠᠩᠭᠤᠶ᠂ ᠭᠠᠵᠠᠷ ᠨᠢ ᠪᠣᠯᠪᠠᠰᠤᠷᠠᠩᠭᠤᠶ᠂ ᠪᠠᠶᠢᠳᠠᠯ ᠨᠢ ᠪᠣᠯᠪᠠᠰᠤᠷᠠᠩᠭᠤᠶ ᠪᠠᠶᠢᠬᠤ︾ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠲᠥᠷᠥ ᠶᠢᠨ ᠪᠣᠳᠣᠯᠭ᠎ᠠ ᠶᠢ ᠡᠷᠬᠢᠮᠯᠡᠬᠦ᠂ ᠪᠣᠳᠠᠲᠤ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠳᠤ ᠰᠢᠰᠲ᠋ᠧᠮᠲᠦ ᠴᠢᠨᠠᠷᠲᠠᠶ ᠲᠠᠶᠢᠯᠤᠮᠵᠢ ᠬᠢᠪᠠ︔ ᠡᠭᠦᠨ ᠤ ᠬᠠᠮᠲᠤ᠂ ᠸᠢᠴᠠᠲ ᠤᠨ ᠪᠦᠯᠦᠭ ᠵᠡᠷᠭᠡ ᠳᠤ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠮᠡᠬᠡᠯᠡᠯ ᠢ ᠡᠰᠡᠷᠭᠦᠴᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢ 200 ᠭᠠᠷᠤᠶ ᠵᠤᠷᠪᠤᠰ ᠬᠦᠷᠭᠡᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠴᠠᠭ ᠲᠤᠬᠠᠶ ᠳᠤᠨᠢ ᠤᠬᠠᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号