ᠣᠷᠤᠢ ᠶᠢᠨ ᠰᠦᠮ᠎ᠡ ᠰᠣᠮᠤ ᠄ ᠪᠣᠯᠪᠠᠰᠤᠨ ᠰᠢᠨ᠎ᠡ ᠰᠤᠷᠲᠠᠯ ᠢ ᠪᠤᠶᠢᠵᠢᠭᠤᠯᠬᠤ ᠶᠢ ᠭᠦᠨᠵᠡᠭᠡᠶᠢᠷᠡᠭᠦᠯᠵᠦ  ᠬᠦᠰᠡᠯ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/7/5
    ᠣᠶᠢᠷ᠎ᠠ ᠶᠢᠨ ᠵᠢᠯ ᠳᠤ᠂ ᠣᠷᠤᠢ ᠶᠢᠨ ᠰᠦᠮ᠎ᠡ ᠰᠤᠮᠤ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠢᠳᠡᠪᠬᠢ ᠬᠦᠴᠦᠨ ᠢ ᠲᠠᠰᠤᠷᠠᠯᠲᠠ ᠥᠬᠡᠶ ᠪᠠᠳᠠᠷᠠᠭᠤᠯᠤᠨ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠳᠠᠮᠵᠢᠭᠤᠯᠵᠤ᠂ ᠨᠡᠶᠢᠭᠡᠮ ᠳᠠᠶᠠᠭᠠᠷ ᠲᠤ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠂ ᠶᠣᠰᠣ ᠮᠣᠷᠠᠯ ᠢ ᠳᠡᠯᠡᠬᠡᠶ ᠳ᠋ᠠᠬᠢᠨ ᠳᠤ ᠬᠡᠷᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃    ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠦᠯᠢᠭᠡᠷ ᠳᠠᠭᠤᠷᠢᠶᠠᠯ ᠤᠨ ᠬᠦᠴᠦᠨ ᠢ ᠨᠢᠭᠲᠠᠷᠠᠭᠤᠯᠤᠨ᠎ᠠ    ᠣᠷᠤᠢ ᠶᠢᠨ ᠰᠦᠮ᠎ᠡ ᠰᠣᠮᠣ ᠦᠷᠭᠦᠯᠵᠢᠯᠡᠨ ︽ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ︾ ᠶᠣᠰᠤ ᠰᠤᠷᠲᠠᠬᠤᠨ ᠤ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠶᠣᠰᠤ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠭᠡᠷ ᠪᠦᠯᠢ᠂ ᠪᠣᠯᠪᠠᠰᠤᠨ ᠭᠡᠷ ᠪᠦᠯᠢ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠦᠮᠦᠵᠢᠭᠦᠯᠦᠨ ᠰᠤᠩᠭᠤᠵᠤ ᠪᠣᠢ ᠪᠣᠯᠭᠠᠬᠤ ᠶᠢ ᠴᠢᠩᠭᠠᠳᠬᠠᠵᠤ᠂ ᠭᠤᠣᠯ ᠤᠷᠤᠰᠬᠠᠯ ᠤᠨ ᠥᠷᠲᠡᠭ ᠢᠶᠠᠷ ᠶᠣᠰᠤ ᠰᠤᠷᠲᠠᠬᠤᠨ ᠤ ᠳᠦᠷᠢᠮᠵᠢᠯ ᠢ ᠪᠠᠶᠢᠭᠤᠯᠵᠤ᠂ ᠶᠣᠰᠤ ᠰᠤᠷᠲᠠᠬᠤᠨ ᠤ ᠮᠡᠳᠡᠷᠡᠮᠵᠢ ᠶᠢ ᠴᠢᠩᠭᠠᠳᠬᠠᠵᠤ᠂ ᠶᠣᠰᠤ ᠰᠤᠷᠲᠠᠬᠤᠨ ᠤ ᠦᠢᠯᠡᠳᠦᠯᠭᠡ ᠶᠢ ᠵᠢᠯᠤᠭᠤᠳᠪᠠ᠃ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠲᠦᠮᠵᠢᠲᠡᠢ ᠡᠬᠢ ᠪᠠᠶᠠᠯᠢᠭ ᠢ ᠤᠯᠠᠨ ᠲᠦᠮᠡᠨ ᠂ ᠨᠡᠶᠢᠭᠡᠮ ᠳᠤ ᠨᠡᠩ ᠰᠠᠶᠢᠲᠤᠷ ᠦᠢᠯᠡᠴᠢᠯᠡᠵᠦ᠂ ︽ᠨᠢᠭᠡ ᠬᠥᠮᠦᠨ ᠨᠢᠭᠡ ᠪᠦᠯᠦᠭ ᠬᠥᠮᠦᠨ ᠢ ᠨᠥᠯᠥᠭᠡᠯᠡᠬᠦ︾ ᠳᠠᠮᠵᠢᠭᠤᠯᠭ᠎ᠠ ᠶᠢᠨ ᠦᠢᠯᠡᠳᠦᠯ ᠢ ᠪᠤᠢ ᠪᠣᠯᠭᠠᠬᠤ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠢ ᠠᠰᠢᠭᠯᠠᠨ᠂ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠪᠥᠬᠦ ᠰᠤᠮᠤᠨ ᠤ ᠡᠯ᠎ᠡ ᠲᠥᠷᠥᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠡᠶ᠎ᠡ ᠪᠠᠷ ᠢᠶᠠᠨ ᠡᠯᠢᠭᠡᠰᠡᠭ ᠳᠤᠲᠤᠨᠤ ᠬᠦᠨᠳᠦᠳᠬᠡᠭᠦᠰᠢᠲᠡᠢ᠂ ᠢᠲᠡᠭᠡᠭᠦᠰᠢᠲᠡᠢ ᠰᠤᠷᠤᠯᠴᠠᠭᠤᠰᠢᠲᠠᠢ᠂ ᠶᠣᠰᠣ ᠮᠣᠷᠠᠯ ᠢ ᠡᠷᠬᠢᠮᠯᠡᠨ ᠴᠠᠶᠢᠯᠭᠠᠨ ᠪᠠᠶᠢᠬᠤ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠪᠠ᠃        ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ   ᠰᠢᠨ᠎ᠡ ᠰᠤᠷᠳᠠᠯ ᠲᠦᠪ ᠰᠤᠷᠲᠠᠯ ᠢ ᠪᠠᠳᠠᠷᠠᠭᠤᠯᠤᠨ᠎ᠠ    ᠰᠤᠮᠤᠨ ᠤ ᠡᠯ᠎ᠡ ᠭᠠᠴᠠᠭ᠎ᠠ ᠨᠢ ᠲᠣᠰᠬᠤᠨ ᠤ ᠳᠦᠷᠢᠮ ᠠᠷᠠᠳ ᠤᠨ ᠭᠡᠷ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠤᠷᠤᠭ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠦᠯᠡᠳᠡᠭᠰᠡᠨ ᠶᠠᠪᠤᠳᠠᠯ ᠢ ᠰᠢᠢᠳᠪᠦᠷᠢᠯᠡᠬᠦ ᠦᠭᠡᠢ ᠵᠡᠷᠭᠡ ᠠᠭᠤᠯᠭ᠎ᠠ ᠶᠢ ᠲᠡᠭᠦᠨ ᠳᠤ ᠣᠷᠣᠭᠤᠯᠵᠤ᠂ ᠬᠡᠪ ᠵᠠᠩᠰᠢᠯ ᠢ ᠥᠭᠡᠷᠡᠴᠢᠯᠡᠬᠦ ᠬᠠᠷᠠᠯᠲᠠ ᠱᠠᠭᠠᠷᠳᠠᠯᠭ᠎ᠠ ᠶᠢ ᠳᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠵᠤ᠂ ᠢᠯᠡ ᠲᠣᠳᠣ ᠥᠷᠲᠡᠭ ᠤᠨ ᠤᠳᠤᠷᠢᠳᠤᠮᠵᠢ ᠶᠢ ᠪᠦᠷᠢᠯᠳᠦᠭᠦᠯᠬᠦ ᠬᠡᠷᠡᠭᠲᠡᠶ᠃ ᠭᠠᠴᠠᠭᠠᠨ ᠤ ᠱᠠᠲᠤᠨ ᠤ ︽ᠨᠢᠭᠡ ᠭᠡᠷ᠎ᠡ ᠳᠥᠷᠪᠡᠨ ᠬᠤᠷᠠᠯ︾ ᠪᠠ ︽ᠤᠯᠠᠭᠠᠨ ᠬᠠᠷ᠎ᠠ ᠰᠠᠮᠪᠠᠷ᠎ᠠ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠦᠳᠦᠭᠦᠯᠢᠭ ᠳᠠᠳᠬᠠᠯ ᠢ ᠨᠢ ᠲᠠᠶᠠᠭᠳᠠᠭᠤᠯᠵᠤ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃    ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠦᠨ᠎ᠡ    ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠷᠤᠢ ᠶᠢᠨ ᠰᠦᠮ᠎ᠡ ᠰᠤᠮᠤ ︽ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠬᠤ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠶᠢᠬᠠᠨ ᠰᠤᠷᠲᠠᠯ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠪᠠ᠃ ᠰᠣᠩᠭᠤᠳᠠᠭ ᠵᠣᠬᠢᠶᠠᠯ ᠢ ᠤᠩᠰᠢᠬᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠤᠳᠤᠯᠤᠨ ᠰᠤᠷᠤᠯᠴᠠᠵᠤ ᠰᠣᠯᠢᠯᠴᠠᠬᠤ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠵᠦ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ  ᠬᠦᠰᠡᠯ ᠢᠲᠡᠭᠡᠯ ᠪᠢᠰᠢᠷᠡᠯ ᠢ ᠨᠢ ᠪᠠᠲᠤᠳᠬᠠᠨ᠂ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠨᠢ ᠵᠤᠵᠠᠭᠠᠳᠬᠠᠵᠤ᠂ ᠵᠠᠩ ᠮᠣᠷᠠᠯ ᠤᠨ ᠪᠣᠯᠪᠠᠰᠤᠷᠠᠯ ᠢ ᠨᠢ ᠴᠢᠩᠭᠠᠳᠬᠠᠨ᠂ ᠶᠡᠷᠦᠩᠬᠡᠶᠢᠯᠡᠭᠰᠡᠨ ᠬᠡᠪ ᠴᠢᠨᠠᠷ ᠢ ᠨᠢ ᠳᠡᠭᠡᠭᠰᠢᠯᠡᠭᠦᠯᠪᠡ᠃ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠢ ᠰᠤᠷᠤᠯᠴᠠᠨ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠥᠯᠥᠭᠡ ᠶᠢ ᠪᠥᠬᠦ ᠲᠠᠯ᠎ᠠ ᠪᠠᠷ ᠥᠷᠭᠡᠳᠬᠡᠨ᠂ ᠪᠥᠬᠦ ᠰᠤᠮᠤᠨ ᠤ ᠥᠷᠭᠡᠨ ᠣᠯᠠᠨ ᠨᠠᠰᠤᠨ ᠳᠤ ᠥᠯᠥ ᠭᠦᠷᠦᠭᠰᠡᠳ ᠤᠨ ᠳᠤᠮᠳᠠ ︽ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ ᠂ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠬᠤ︾ ᠠᠮᠢᠳᠤᠯᠢᠭ ᠪᠠᠶᠢᠳᠠᠯ ᠢ ᠪᠣᠶ ᠪᠣᠯᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号