2024 ᠣᠨ ᠳᠤ ᠮᠠᠨ ᠤ ᠬᠤᠰᠢᠭᠤᠨ ᠤ ᠠᠩᠬᠠᠳᠠᠭᠴᠢ ᠪᠦᠯᠦᠭ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ  ᠲᠡᠳᠬᠦᠨ ᠳᠡᠮᠵᠢᠬᠦ ᠲᠥᠷᠥᠯ ᠵᠦᠢᠯ ᠢ ᠡᠬᠢᠯᠡᠨ ᠪᠠᠶᠢᠭᠤᠯᠪᠠ
ᠨᠡᠶᠢᠲᠡᠯᠡᠭᠰᠡᠨ ᠴᠠᠭ᠄
2024/7/8
    2024 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠬᠤᠰᠢᠭᠤᠨ ᠤ ᠠᠩᠬᠠᠳᠠᠭᠴᠢ ᠪᠦᠯᠦᠭ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠪᠠᠯᠠ ᠮᠥᠩᠭᠦ ᠶᠢ 1060 ᠲᠦᠮᠡᠨ ᠲᠥᠭᠦᠷᠢᠭ ᠪᠠᠭᠤᠯᠭᠠᠵᠤ᠂ ᠠᠤᠬᠠᠨ ᠬᠤᠰᠢᠭᠤᠨ ᠤ ᠰᠢᠨ ᠾᠦᠢ ᠪᠠᠯᠭᠠᠰᠤᠨ ᠤ ᠪᠸᠢ ᠴᠧᠩ ᠲᠥᠪᠬᠢᠨᠡᠭᠦᠯᠬᠦ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠬᠡᠷᠡᠭᠯᠡᠨ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠢ 7600 ᠲᠡᠭᠰᠢ ᠳᠥᠷᠪᠡᠯᠵᠢᠨ ᠮᠧᠲᠷ ᠪᠥᠲᠥᠭᠡᠨ ᠪᠠᠶᠢᠭᠤᠯᠪᠠ᠃ ᠪᠠᠴᠢᠮ ᠶᠠᠭᠠᠷᠠᠯᠲᠠᠶ ᠡᠮᠬᠢ ᠵᠢᠷᠤᠮ ᠲᠠᠢ ᠡᠮᠦᠨᠡᠬᠢ ᠬᠤᠭᠤᠴᠠᠭᠠᠨ ᠤ ᠠᠵᠢᠯ ᠢ ᠬᠢᠵᠦ᠂ ᠲᠥᠷᠥᠯ ᠵᠦᠢᠯ ᠢ 6 ᠰᠠᠷ᠎ᠠ ᠶᠢᠨ 28 ᠤ ᠡᠳᠦᠷ ᠡᠬᠢᠯᠡᠨ ᠪᠠᠶᠢᠭᠤᠯᠪᠠ᠃ ᠲᠥᠷᠥᠯ ᠵᠦᠢᠯ ᠢ ᠡᠷᠲᠡᠬᠡᠨ ᠳᠠᠭᠤᠰᠬᠠᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ᠪᠠᠷᠢᠯᠭ᠎ᠠ ᠶᠢᠨ ᠲᠠᠯ᠎ᠠ ᠶᠢᠨ ᠬᠢᠨ ᠬᠥᠮᠦᠨ ᠤ ᠬᠦᠴᠦ ᠪᠣᠳᠠᠰ ᠤᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠲᠣᠮᠣ ᠬᠡᠯᠪᠡᠷᠢ ᠶᠢᠨ ᠮᠠᠰᠢᠨ ᠲᠥᠬᠦᠭᠡᠷᠦᠮᠵᠢ ᠨᠠᠭᠠᠰᠢ ᠴᠠᠭᠠᠰᠢ ᠰᠦᠯᠵᠢᠯᠳᠦᠵᠦ᠂ ᠬᠥᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠪᠡ᠃ ᠣᠳᠣᠬᠠᠨ ᠳᠤ  ᠰᠠᠭᠤᠷᠢ ᠪᠠᠷᠢᠯᠭ᠎ᠠ ᠶᠢᠨ ᠠᠵᠢᠯ ᠨᠢᠭᠡᠨᠲᠡ ᠰᠢᠪᠲᠤᠷᠭᠠᠨ ᠳᠠᠭᠠᠨ ᠣᠷᠣᠪᠠ᠃ ᠪᠠᠷᠢᠯᠭ᠎ᠠ ᠶᠢᠨ ᠲᠠᠯ᠎ᠠ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠡᠭᠦᠯᠴᠢ ᠶᠢᠨ ᠬᠤᠭᠤᠴᠠᠭᠠᠨ ᠳᠤ ᠬᠥᠮᠦᠨ ᠤ ᠬᠦᠴᠦ ᠪᠣᠳᠠᠰ ᠤᠨ ᠬᠦᠴᠦᠨ ᠤ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠶᠠᠰᠤ ᠴᠢᠨᠠᠷ ᠢ ᠪᠠᠲᠤᠯᠠᠵᠤ᠂ ᠴᠠᠭ ᠢ ᠵᠠᠪᠳᠤᠨ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠭᠡᠬᠦ ︾ ᠶᠢ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠰᠢᠨ᠎ᠡ ᠠᠬᠢᠴᠠ︾ ᠶᠢ ᠡᠭᠦᠳᠴᠦ᠂ ᠲᠥᠷᠥᠯ ᠵᠦᠢᠯ  ᠢ 9 ᠰᠠᠷ᠎ᠠ ᠶᠢᠨ 1 ᠤ ᠡᠳᠦᠷ ᠠᠴᠠ ᠡᠮᠦᠨ᠎ᠡ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠵᠤ ᠂ ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ ᠶᠢᠨ ᠪᠠᠶᠢᠪᠠᠰᠤ ᠵᠣᠬᠢᠬᠤ ᠦᠷ᠎ᠡ ᠠᠰᠢᠭ ᠢ ᠡᠷᠲᠡᠬᠡᠨ ᠪᠠᠳᠠᠷᠠᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ 53 ᠲᠦᠮᠡᠨ ᠲᠥᠭᠦᠷᠢᠭ ᠤᠨ ᠠᠰᠢᠭ ᠣᠷᠣᠯᠭ᠎ᠠ ᠶᠢᠨ ᠮᠥᠩᠭᠦ ᠬᠤᠷᠢᠶᠠᠵᠤ᠂ 30 ᠠᠵᠢᠯ ᠤᠨ ᠪᠠᠶᠢᠷᠢ ᠬᠠᠩᠭᠠᠵᠤ᠂  ᠪᠸᠢ ᠴᠧᠩ ᠲᠥᠪᠬᠢᠨᠡᠭᠦᠯᠬᠦ ᠲᠣᠭᠤᠷᠢᠭ ᠲᠤ ᠨᠡᠭᠦᠯᠭᠡᠬᠦ ᠣᠯᠠᠨ ᠲᠦᠮᠡᠨ ᠤ ᠲᠤᠬᠠᠶ ᠶᠢᠨ ᠭᠠᠵᠠᠷ ᠪᠠ ᠣᠶᠢᠷ᠎ᠠ ᠬᠠᠪᠢ ᠳᠠᠭᠠᠨ ᠠᠵᠢᠯ ᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号