ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠬᠤ ᠳᠤᠭᠤᠶᠢᠯᠠᠩ ᠠᠤᠬᠠᠨ ᠬᠤᠰᠢᠭᠤᠨ ᠳᠤ ᠢᠷᠡᠵᠦ ᠨᠢᠭᠡᠳᠦᠭᠡᠷ ᠡᠭᠡᠯᠵᠢ ᠶᠢᠨ ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠬᠤ ᠳᠤᠭᠤᠶᠢᠯᠠᠩ ᠠᠤᠬᠠᠨ ᠬᠤᠰᠢᠭᠤᠨ ᠳᠤ ᠢᠷᠡᠵᠦ 2024 ᠣᠨ  ᠤ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠠᠵᠢᠯ ᠢ ᠳᠠᠭᠠᠭᠠᠴᠢᠯᠠᠨ ᠬᠤᠯᠪᠣᠭᠠᠯᠠᠵᠤ ᠬᠢᠨᠠᠨ  ᠵᠢᠯᠣᠭᠤᠳᠪᠠ᠃     ᠬᠢᠨᠠᠨ ᠵᠢᠯᠣᠭᠤᠳᠬᠤ ᠳᠤᠭᠤᠶᠢᠯᠠᠩ ᠡᠩ ᠲᠡᠷᠢᠭᠦᠨ ᠳᠤ ᠠᠵᠢᠯ ᠤᠨ ᠬᠤᠷᠠᠯ  ᠬᠤᠷᠠᠯᠳᠤᠵᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠬᠡᠷᠡᠭᠵᠢᠭᠦᠯᠦᠯᠲᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ︵ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ︶᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠷᠢᠭᠤ ᠲᠤᠰᠬᠠᠭᠰᠠᠨ ᠠᠰᠠᠭᠤᠳᠠᠯ ᠤᠨ ᠲᠣᠭᠤᠷᠢᠨ ᠳᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠯᠠᠪᠳᠠᠭᠤᠯᠤᠨ ᠪᠠᠶᠢᠴᠠᠭᠠᠬᠤ ᠠᠴᠠ ᠡᠮᠦᠨᠡᠬᠢ ᠪᠡᠯᠡᠳᠬᠡᠯ ᠠᠵᠢᠯ ᠵᠢᠴᠢ ᠪᠤᠰᠤᠳ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠭᠦᠨᠵᠡᠭᠡᠶ ᠶᠠᠷᠢᠯᠴᠠᠨ ᠰᠠᠨᠠᠯ ᠢᠶᠠᠨ ᠰᠣᠯᠢᠯᠴᠠᠭᠰᠠᠨ ᠪᠥᠭᠡᠳ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠶᠢ ᠪᠠᠶᠢᠴᠠᠭᠠᠨ ᠦᠵᠡᠪᠡ᠃    ᠳᠠᠷᠠᠭ᠎ᠠ ᠨᠢ᠂  ᠬᠢᠨᠠᠨ ᠵᠢᠯᠣᠭᠤᠳᠬᠤ ᠳᠤᠭᠤᠶᠢᠯᠠᠩ ᠰᠢᠨ  ᠾᠦᠢ ᠪᠠᠯᠭᠠᠰᠤ ᠶᠢᠨ ᠭᠡᠭᠡᠨ ᠢᠵᠠᠭᠤᠷ ᠲᠣᠰᠬᠤᠨ ᠂ ᠱᠠᠨ ᠸᠠᠨ ᠽᠢ ᠤᠰᠤᠨ ᠴᠥᠭᠦᠷᠥᠮ᠂ ᠰᠢᠶᠤᠤ ᠱᠠᠨ ᠤᠰᠤᠯᠠᠯᠲᠠ ᠶᠢᠨ ᠣᠷᠣᠨ ᠳᠤ ᠭᠦᠨᠵᠡᠭᠡᠶᠢᠷᠡᠨ ᠲᠤᠰ ᠲᠤᠰ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠬᠤ᠂ ᠭᠠᠩ ᠬᠠᠭᠰᠠᠷᠠᠭᠠᠨ ᠲᠠᠢ ᠲᠡᠮᠡᠴᠡᠵᠦ ᠦᠶᠡᠷ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠦᠯ ᠵᠦᠢᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃    ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ  ᠭᠦᠢᠴᠡᠳ ᠨᠤᠲᠠᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠥᠷᠨᠢᠭᠦᠯᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号