ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠷᠪᠠᠨ ᠨᠢᠭᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 4 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠷᠪᠠᠨ ᠨᠢᠭᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠦᠸᠧ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠬᠤᠷᠠᠯ ᠳᠤ ᠣᠷᠣᠯᠴᠠᠭᠰᠠᠨ ᠪᠥᠭᠡᠳ ᠪᠠᠶᠢᠳᠠᠯ ᠢ ᠮᠡᠳᠡᠭᠳᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠯᠢ᠂ ᠡᠤ ᠢᠦᠶ ᠵᠠᠨ᠂ ᠨᠠᠷᠢᠨ ᠪᠢᠴᠢᠭ ᠤᠨ ᠳᠠᠷᠤᠭ᠎ᠠ ᠰᠦᠨ ᠰᠢᠩ ᠭᠠᠩ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠦ᠋ ᠢᠦᠶ ᠵᠠᠨ ᠬᠤᠷᠠᠯ ᠢ ᠡᠷᠭᠢᠯᠡᠪᠡ᠃
C:\Users\Administrator\Desktop\1.jpg
    ᠬᠤᠷᠠᠯ ᠳᠡᠭᠡᠷ᠎ᠡ᠂ ᠰᠦᠨ ᠰᠢᠩ ᠭᠠᠩ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠪᠥᠭᠡᠳ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ ᠤᠮᠠᠷᠠᠲᠤ︾ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠲᠥᠯᠥᠭᠡᠯᠡᠭᠴᠢ ᠨᠢᠭᠡ ᠭᠡᠰᠢᠭᠦᠨ﹀ ᠤ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠬᠤ ᠶᠢ ᠠᠬᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ︔ ︽ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠠᠵᠢᠯ ᠤᠨ ᠲᠣᠭᠤᠷᠢᠨ ᠳᠤ ᠪᠠᠶᠢᠩᠭᠤ ᠶᠢᠨ ᠬᠤᠷᠢᠶᠠᠨ ᠤ ᠲᠤᠰᠬᠠᠶ ᠰᠡᠳᠦᠪᠲᠦ ᠵᠥᠪᠯᠡᠯᠭᠡ ᠬᠢᠪᠡ︔ ᠵᠢᠶ ᠰᠢᠤᠢ ᠳ᠋ᠦᠩ ᠪᠥᠬᠦ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ︔ ᠯᠢ ᠯᠢ ᠵᠥᠪᠯᠡᠯᠭᠡᠨ ᠤ ᠮᠡᠳᠡᠭᠦᠯᠦᠯᠲᠡ ᠶᠢᠨ ᠪᠠᠶᠢᠳᠠᠯ ᠤᠨ ᠲᠣᠳᠣᠷᠬᠠᠶᠢᠯᠠᠯᠲᠠ ᠬᠢᠪᠡ︔ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠷᠤᠢ ᠶᠢᠨ ᠰᠦᠮ᠎ᠡ ᠰᠤᠮᠤ ᠶᠢᠨ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ︔ ᠤᠯᠤᠰ ᠲᠥᠷᠥ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠳ ᠵᠥᠪᠯᠡᠬᠦ ᠰᠡᠳᠦᠪ ᠤᠨ ᠲᠣᠭᠤᠷᠢᠨ ᠳᠤ ᠶᠠᠷᠢᠯᠴᠠᠨ ᠶᠠᠷᠢᠶ᠎ᠠ ᠲᠠᠯᠪᠢᠵᠤ᠂ ᠰᠠᠨᠠᠯ ᠰᠠᠨᠠᠭᠤᠯᠭ᠎ᠠ ᠳᠤᠷᠠᠳᠪᠠ᠃
C:\Users\Administrator\Desktop\2.jpg
    ᠭᠦᠸᠧ ᠬᠤᠸᠠ ᠳ᠋ᠦᠩᠨᠡᠯᠲᠡ ᠶᠢᠨ ᠶᠠᠷᠢᠶᠠᠨ ᠳᠠᠭᠠᠨ᠂ ᠨᠢᠭᠡ ᠳᠤ ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠦᠷ᠎ᠡ ᠠᠰᠢᠭ ᠢᠶᠠᠨ ᠳᠡᠭᠡᠭᠰᠢᠯᠡᠭᠦᠯᠦᠨ᠂ ᠠᠮᠢ ᠠᠬᠤᠶ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭᠲᠡᠶ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠤᠬᠠᠨ ᠤ ︽ᠬᠢᠬᠦ ᠥᠬᠡᠶ ᠪᠣᠯ ᠪᠣᠯᠬᠤ ᠥᠬᠡᠶ᠂ ᠬᠢᠪᠡᠯ ᠰᠠᠶᠢᠲᠤᠷ ᠬᠢᠬᠦ︾ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠵᠦᠶ ᠵᠣᠬᠢᠰᠲᠠᠶ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠰᠡᠷᠭᠡᠶᠢᠯᠡᠨ ᠵᠠᠰᠠᠵᠤ᠂ ᠬᠤᠷᠴᠢᠨ ᠤ  ᠡᠯᠡᠰᠦ ᠶᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ  ᠤ ᠢᠯᠠᠯᠲᠠ ᠶᠢ ᠡᠷᠡᠰ ᠣᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠤᠬᠠᠨ ᠳᠤ ᠲᠤᠰᠢᠶᠠᠭᠰᠠᠨ ᠤᠯᠤᠰ ᠲᠥᠷᠥ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠠᠮᠵᠢᠯᠲᠠ ᠪᠠᠨ ᠳ᠋ᠦᠩᠨᠡᠵᠦ᠂ ᠡᠭᠦᠷᠭᠡ ᠪᠠᠨ ᠲᠣᠳᠣᠷᠬᠠᠶᠢᠯᠠᠵᠤ᠂ ᠢᠲᠡᠭᠡᠯ ᠵᠣᠷᠢᠭ ᠢᠶᠠᠨ ᠪᠠᠲᠤᠳᠬᠠᠨ ᠳᠣᠣᠷ᠎ᠠ ᠬᠠᠭᠠᠰ ᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠠᠬᠢᠭᠤᠯᠬᠤ᠂ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠵᠠᠷᠴᠢᠮ ᠢ ᠪᠠᠷᠢᠮᠲᠠᠯᠠᠵᠤ᠂ ᠣᠷᠳᠣ ᠬᠤᠭᠤᠴᠠᠭ᠎ᠠ ᠪᠠᠷ ᠴᠢᠷᠮᠠᠶᠢᠵᠤ᠂ ᠦᠷᠭᠦᠯᠵᠢᠯᠡᠨ ᠬᠦᠴᠦᠯᠡᠵᠦ᠂ ᠳᠣᠤᠷ᠎ᠠ ᠬᠠᠭᠠᠰ ᠵᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠰᠡᠳᠦᠪ ᠤᠨ ᠪᠠᠶᠢᠴᠠᠭᠠᠨ ᠰᠤᠳᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠴᠢᠨᠠᠷ ᠰᠠᠶᠢᠲᠠᠶ ᠦᠨ᠎ᠡ ᠥᠷᠲᠡᠭ ᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ  ᠭᠠᠷᠭᠠᠬᠤ ᠬᠡᠷᠡᠭᠲᠡᠢ︔ ︽ᠤᠯᠤᠰ ᠲᠥᠷᠥ ᠶᠢᠨ ᠵᠥᠪᠯᠡᠯᠭᠡᠨ + ︾  ᠡᠯ᠎ᠡ ᠵᠦᠢᠯ ᠤᠨ ᠠᠵᠢᠯ ᠢ ᠰᠢᠨ᠎ᠡ ᠶᠢ ᠡᠭᠦᠳᠦᠨ ᠰᠠᠶᠢᠲᠤᠷ ᠬᠢᠬᠦ ᠬᠡᠷᠡᠭᠲᠡᠢ︔ ᠬᠠᠶᠢᠳᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠪᠣᠯᠪᠠᠰᠤᠷᠠᠯ ᠢ ᠠᠰᠢᠭᠯᠠᠨ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠤᠯᠤᠰ ᠲᠥᠷᠥ ᠶᠢᠨ ᠵᠥᠪᠯᠡᠯᠭᠡᠨ ᠬᠦᠴᠦᠨ ᠨᠡᠮᠡᠷᠢᠯᠡᠬᠦ︾ ᠶᠢ ᠭᠦᠨᠵᠡᠭᠡᠶᠢᠷᠡᠭᠦᠯᠵᠦ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠨᠠᠶᠢᠳᠠᠪᠤᠷᠢᠵᠢᠭᠤᠯᠤᠯᠲᠠ ᠶᠢ  ᠠᠬᠢᠭᠤᠯᠬᠤ ᠬᠡᠷᠡᠭᠲᠡᠢ︔ ︽ᠭᠡᠰᠢᠭᠦᠳ ᠤᠨ ᠴᠤᠭ ᠵᠢᠪᠬᠤᠭ᠎ᠠ︾᠂ ︽ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ  ᠰᠠᠶᠢᠲᠤᠷ  ᠦᠷᠨᠢᠭᠦᠯᠬᠦ ᠬᠡᠷᠡᠭᠲᠡᠢ︔ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠤᠬᠠᠮᠰᠠᠷ ᠢ ᠪᠤᠢ ᠪᠣᠯᠭᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠲᠤᠭᠤᠷᠪᠢᠨ ᠪᠢᠴᠢᠬᠦ ᠡᠭᠦᠷᠭᠡ ᠶᠢ ᠬᠢᠨᠠᠮᠠᠭᠠᠶ  ᠪᠡᠶᠡᠯᠡᠭᠦᠯᠬᠦ ᠬᠡᠷᠡᠭᠲᠡᠢ︔ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠭᠡᠷᠡᠯ ᠵᠢᠷᠤᠭ ᠤᠨ ᠤᠷᠤᠯᠳᠤᠭᠠᠨ ᠢ ᠦᠨᠳᠦᠷ ᠬᠢᠷᠢ ᠲᠦᠪᠰᠢᠨ ᠢᠶᠠᠷ  ᠡᠷᠬᠢᠯᠡᠬᠦ ᠬᠡᠷᠡᠭᠲᠡᠢ︔ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢ ᠥᠨᠳᠥᠷ ᠬᠢᠷᠢ ᠲᠦᠪᠰᠢᠨ ᠢᠶᠠᠷ ᠰᠠᠶᠢᠲᠤᠷ  ᠡᠷᠬᠢᠯᠡᠬᠦ ᠬᠡᠷᠡᠭᠲᠡᠢ︔ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠬᠢᠨᠠᠮᠠᠭᠠᠶ  ᠠᠬᠢᠭᠤᠯᠬᠤ ᠬᠡᠷᠡᠭᠲᠡᠢ︔ ᠤᠯᠤᠰ ᠲᠥᠷᠥ ᠶᠢᠨ ᠵᠥᠪᠯᠡᠯᠭᠡᠨ ᠤ ᠭᠠᠳᠠᠭᠠᠳᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ︔ ᠭᠡᠰᠢᠭᠦᠳ ᠢᠶᠠᠷ ᠰᠤᠷᠪᠤᠯᠵᠢᠯᠠᠬᠤ ᠪᠠ ᠭᠡᠰᠢᠭᠦᠳ ᠠᠴᠠ ᠰᠠᠨᠠᠯ ᠰᠠᠨᠠᠭᠤᠯᠭ᠎ᠠ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠱᠠᠭᠠᠷᠳᠠᠯᠭ᠎ᠠ ᠶᠢ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠤᠬᠠᠮᠰᠠᠷ ᠠᠴᠠ ᠪᠠᠨ ︽ᠲᠦᠷᠢᠮ︾ ᠢᠶᠠᠷ ᠲᠤᠰ ᠪᠡᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
C:\Users\Administrator\Desktop\3.jpg
    ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾᠂ ︽ᠤᠯᠤᠰ ᠲᠥᠷᠥ ᠶᠢᠨ ᠵᠥᠪᠯᠡᠯᠭᠡᠨ + ᠪᠠᠶᠢᠴᠠᠭᠠᠬᠤ ᠬᠤᠷᠢᠶ᠎ᠠ︾  ᠵᠡᠷᠭᠡ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠪᠣᠳᠠᠲᠤ ᠲᠡᠮᠳᠡᠭᠯᠡᠯ ᠤᠨ ᠹᠢᠯᠢᠮ ᠢ ᠦᠵᠡᠪᠡ᠃
C:\Users\Administrator\Desktop\4.jpg
     ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠤᠷᠤᠢ ᠶᠢᠨ ᠰᠦᠮ᠎ᠡ ᠰᠤᠮᠤ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠲᠠᠰᠤᠭ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠡᠰᠡᠭ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢᠨ ᠪᠦᠷᠢᠯᠳᠦᠬᠦᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号