ᠪᠦᠬᠦ ᠬᠤᠰᠢᠭᠤᠨ ᠤ ᠠᠩᠬᠠᠳᠠᠭᠴᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ  ᠤ ᠫᠠᠶᠢᠰᠠ ᠣᠯᠭᠤᠪᠠ︕
ᠨᠡᠶᠢᠲᠡᠯᠡᠭᠰᠡᠨ ᠴᠠᠭ᠄
2024/7/8
    7 ᠰᠠᠷ᠎ᠠ ᠶᠢᠨ 4 ᠤ ᠡᠳᠦᠷ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠠᠷᠢᠶᠠᠲᠤ ᠠᠤᠬᠠᠨ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠫᠠᠶᠢᠰᠠ ᠣᠯᠭᠤᠬᠤ ᠶᠣᠰᠣᠯᠠᠯ ᠠᠤᠬᠠᠨ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠶᠠᠩ ᠵᠠᠨ ᠵᠢᠶᠦ᠋ᠨ᠂ ᠠᠨᠠᠭᠠᠬᠤ ᠤᠬᠠᠭᠠᠨ ᠤ ᠬᠡᠯᠲᠡᠰ ᠤᠨ ᠪᠠᠶᠢᠩᠭᠤ ᠶᠢᠨ ᠳᠡᠳ᠋ ᠡᠷᠬᠢᠯᠡᠭᠴᠢ ᠵᠠᠩ ᠵᠢᠶᠦ᠋ᠨ ᠢ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠦ᠋ ᠪᠦᠦ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃
C:\Users\Administrator\Desktop\10.jpg
    ᠶᠠᠩ ᠵᠠᠨ ᠵᠢᠶᠦ᠋ᠨ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠤᠢᠢᠷ᠎ᠠ ᠶᠢᠨ ᠵᠢᠯ ᠳᠤ ᠣᠯᠤᠭᠰᠠᠨ ᠲᠤᠪᠤᠶᠢᠮ᠎ᠠ ᠠᠮᠵᠢᠯᠲᠠ ᠶᠢ ᠲᠠᠨᠢᠯᠴᠠᠭᠤᠯᠪᠠ᠃ ᠲᠡᠷᠡ᠂ ᠳᠡᠭᠡᠳᠦ ᠰᠤᠷᠭᠠᠭᠤᠯᠢ ᠨᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠮᠴᠢᠯᠡᠭᠡᠨ ᠤ ᠳᠠᠳᠤᠯᠭ᠎ᠠ ᠪᠣᠯᠪᠠᠰᠤᠷᠠᠯ᠂ ᠴᠢᠳᠠᠪᠤᠷᠢᠲᠠᠨ ᠢ ᠬᠥᠮᠦᠵᠢᠭᠦᠯᠬᠦ᠂ ᠲᠤᠰᠬᠠᠢ ᠮᠡᠷᠭᠡᠵᠢᠯ ᠤᠨ ᠰᠤᠳᠤᠯᠭᠠᠨ ᠵᠡᠷᠭᠡ ᠲᠠᠯ᠎ᠠ ᠪᠠᠷ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠨ᠎ᠠ ᠭᠡᠵᠦ ᠢᠯᠡᠳᠬᠡᠪᠡ᠃ ᠪᠠᠰᠠ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠨᠢ ᠰᠢᠨ᠎ᠡ ᠠᠵᠢᠯ ᠤᠨ ᠡᠭᠦᠷᠭᠡ ᠶᠢ ᠦᠨᠳᠦᠰᠦᠯᠡᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃    ᠪᠦᠦ ᠯᠢᠨ ᠵᠢᠶᠠ᠂ ᠠᠤᠬᠠᠨ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠪᠣᠯᠵᠣ᠂ ᠰᠤᠷᠭᠠᠭᠤᠯᠢ ᠪᠠ  ᠬᠤᠷᠢᠶ᠎ᠠ ᠬᠤᠶᠠᠷ ᠲᠠᠯ᠎ᠠ ᠪᠠᠷ ᠢᠶᠠᠨ ᠦᠨᠡᠨ ᠰᠡᠳᠬᠢᠯ ᠠᠴᠠ ᠪᠠᠨ ᠬᠠᠮᠲᠤᠷᠠᠯᠴᠠᠬᠤ ᠰᠢᠨ᠎ᠡ ᠬᠠᠭᠤᠳᠠᠰᠤ ᠶᠢ ᠨᠡᠭᠡᠭᠡᠪᠡ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠵᠢᠯᠣᠭᠤᠳᠣᠯᠭ᠎ᠠ᠂ ᠬᠠᠪᠰᠤᠷᠤᠯᠭ᠎ᠠ ᠪᠠ ᠳᠠᠭᠠᠭᠤᠯᠭ᠎ᠠ ᠳᠣᠤᠷ᠎ᠠ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠳᠤ ᠲᠦᠢᠯ ᠤᠨ ᠶᠡᠭᠡ ᠠᠬᠢᠭᠤᠯᠬᠤ ᠦᠢᠯᠡᠳᠦᠯ ᠦᠵᠡᠭᠦᠯᠬᠦ ᠨᠢ ᠯᠠᠪᠲᠠᠶ ᠪᠥᠭᠡᠳ ᠪᠠᠰᠠ ᠡᠷᠡᠭᠦᠯ ᠡᠩᠬᠡ ᠠᠤᠬᠠᠨ ᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠨᠢ ᠯᠠᠪᠲᠠᠶ ᠶᠤᠮ᠃ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠢᠨ ᠡᠷᠬᠢᠮ ᠨᠠᠨᠳᠢᠨ ᠲᠠᠪᠴᠠᠩ ᠢᠶᠠᠨ ᠨᠠᠨᠳᠢᠩᠨᠠᠵᠤ᠂ ᠡᠮᠴᠢᠯᠡᠭᠡᠨ ᠤ ᠦᠢᠯᠡᠴᠢᠯᠡᠭᠡ ᠶᠢ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠲᠠᠢ ᠭᠦᠨᠵᠡᠭᠡᠶ ᠠᠭᠤᠰᠤᠯᠴᠠᠭᠤᠯᠵᠤ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠲᠠᠪᠴᠠᠩ ᠪᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠲᠤ ᠲᠦᠰᠢᠭᠯᠡᠨ᠂ ᠡᠮᠨᠡᠯᠭᠡ ᠶᠢᠨ ᠬᠤᠷᠢᠶ᠎ᠠ ᠶᠢᠨ ᠲᠠᠰ ᠳᠡᠪᠰᠢᠬᠦ ᠳᠤ ᠬᠦᠴᠦᠲᠡᠶ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠨ ᠭᠠᠷᠭᠠᠪᠠ᠃
C:\Users\Administrator\Desktop\11.jpg
     ᠬᠠᠮᠲᠤᠷᠠᠯᠴᠠᠭ᠎ᠠ ᠳᠣᠭᠲᠠᠭᠰᠠᠨ ᠤ ᠳᠡᠷᠠᠭ᠎ᠠ᠂ ᠬᠤᠶᠠᠷ ᠳᠡᠯ᠎ᠠ ᠪᠠᠷ ᠢᠶᠠᠨ ᠠᠨᠠᠭᠠᠬᠤ ᠣᠬᠠᠭᠠᠨ ᠤ ᠴᠢᠳᠡᠪᠦᠷᠢᠳᠡᠨ ᠢ ᠬᠦᠮᠦᠵᠢᠬᠦᠯᠬᠦ᠂ ᠲᠠᠳᠤᠯᠭ᠎ᠠ ᠦᠢᠯᠡᠳᠦᠯᠭᠡ ᠶᠢᠨ ᠵᠢᠭᠠᠨ ᠰᠣᠷᠭᠠᠯᠳᠡ᠂ ᠠᠨᠠᠭᠠᠬᠤ ᠣᠬᠠᠭᠠᠨ ᠤ ᠰᠢᠨᠵᠢᠯᠡᠬᠦ ᠣᠬᠠᠭᠠᠨ ᠤ ᠰᠣᠳᠣᠯᠭᠠᠨ᠂ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡᠨ ᠵᠡᠷᠭᠡ ᠳᠡᠯ᠎ᠠ ᠪᠠᠷ ᠨᠢᠠᠠᠳᠡ ᠵᠤᠯᠭᠠᠭᠤᠯᠵᠦ᠂ ᠬᠦᠨᠵᠡᠭᠡᠢ ᠠᠭᠤᠰᠣᠯᠴᠠᠭᠤᠯᠥᠨ᠂ ᠳᠡᠪᠡᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠡᠬᠢ ᠪᠠᠶᠠᠯᠢᠭ ᠢ ᠬᠠᠮᠳᠣᠪᠡᠷ ᠬᠦᠷᠲᠡᠬᠦ᠂ ᠶᠡᠭᠡ ᠳᠡᠭᠡᠳᠦ ᠰᠣᠷᠭᠠᠭᠤᠯᠢ ᠬᠠᠷᠢᠯᠴᠠᠨ ᠵᠠᠬᠢᠷᠬᠤ ᠶᠢ ᠪᠠᠶᠠᠯᠠᠬᠦᠯᠵᠦ᠂ ᠠᠨᠠᠭᠠᠬᠤ ᠣᠬᠠᠭᠠᠨ ᠤ ᠰᠣᠷᠭᠠᠨ ᠬᠦᠮᠦᠵᠢᠯ ᠤᠨ ᠶᠠᠰᠣ ᠴᠢᠨᠡᠷ ᠪᠠ  ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠭᠡᠮᠵᠢᠶ᠎ᠠ ᠶᠢ ᠣᠯᠡᠮ ᠨᠢᠭᠡ ᠠᠯᠬᠤᠮ ᠳᠡᠭᠡᠭᠰᠢᠯᠡᠬᠦᠯᠥᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号