| 2024 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠮᠠᠨ ᠤ ᠬᠤᠰᠢᠭᠤᠨ ᠤ ᠠᠩᠬᠠᠳᠠᠭᠴᠢ ᠪᠦᠯᠦᠭ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠪᠠᠯᠠ ᠮᠥᠩᠭᠦ ᠶᠢ 1060 ᠲᠦᠮᠡᠨ ᠲᠥᠭᠦᠷᠢᠭ ᠪᠠᠭᠤᠯᠭᠠᠵᠤ᠂ | ᠠᠤᠬᠠᠨ ᠬᠤᠰᠢᠭᠤᠨ ᠤ ᠰᠢᠨ ᠾᠦᠢ ᠪᠠᠯᠭᠠᠰᠤᠨ ᠤ ᠪᠸᠢ ᠴᠧᠩ ᠲᠥᠪᠬᠢᠨᠡᠭᠦᠯᠬᠦ ᠲᠣᠭᠤᠷᠢᠭ ᠤᠨ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠳᠤ ᠬᠡᠷᠡᠭᠯᠡᠨ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠢ 7600 ᠲᠡᠭᠰᠢ | ᠳᠥᠷᠪᠡᠯᠵᠢᠨ ᠮᠧᠲᠷ ᠪᠥᠲᠥᠭᠡᠨ ᠪᠠᠶᠢᠭᠤᠯᠪᠠ᠃ ᠪᠠᠴᠢᠮ ᠶᠠᠭᠠᠷᠠᠯᠲᠠᠶ ᠡᠮᠬᠢ ᠵᠢᠷᠤᠮ ᠲᠠᠢ ᠡᠮᠦᠨᠡᠬᠢ ᠬᠤᠭᠤᠴᠠᠭᠠᠨ ᠤ | ᠠᠵᠢᠯ ᠢ ᠬᠢᠵᠦ᠂ ᠲᠥᠷᠥᠯ ᠵᠦᠢᠯ ᠢ 6 ᠰᠠᠷ᠎ᠠ ᠶᠢᠨ 28 ᠤ ᠡᠳᠦᠷ ᠡᠬᠢᠯᠡᠨ ᠪᠠᠶᠢᠭᠤᠯᠪᠠ᠃ ᠲᠥᠷᠥᠯ ᠵᠦᠢᠯ ᠢ | ᠡᠷᠲᠡᠬᠡᠨ ᠳᠠᠭᠤᠰᠬᠠᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ᠪᠠᠷᠢᠯᠭ᠎ᠠ ᠶᠢᠨ ᠲᠠᠯ᠎ᠠ ᠶᠢᠨ ᠬᠢᠨ | ᠬᠥᠮᠦᠨ ᠤ ᠬᠦᠴᠦ ᠪᠣᠳᠠᠰ ᠤᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠪᠠᠷᠢᠯᠭ᠎ᠠ ᠶᠢᠨ ᠲᠤᠬᠠᠶ ᠶᠢᠨ | ᠭᠠᠵᠠᠷ ᠲᠤ ᠲᠣᠮᠣ ᠬᠡᠯᠪᠡᠷᠢ ᠶᠢᠨ ᠮᠠᠰᠢᠨ ᠲᠥᠬᠦᠭᠡᠷᠦᠮᠵᠢ ᠨᠠᠭᠠᠰᠢ ᠴᠠᠭᠠᠰᠢ ᠰᠦᠯᠵᠢᠯᠳᠦᠵᠦ᠂ ᠬᠥᠷ ᠬᠥᠭᠵᠢᠶᠡᠨ ᠲᠠᠢ | ᠬᠥᠳᠡᠯᠮᠦᠷᠢ ᠶᠢᠨ ᠪᠠᠶᠢᠳᠠᠯ ᠢᠯᠡᠷᠡᠪᠡ᠃ ᠣᠳᠣᠬᠠᠨ ᠳᠤ ᠰᠠᠭᠤᠷᠢ ᠪᠠᠷᠢᠯᠭ᠎ᠠ ᠶᠢᠨ ᠠᠵᠢᠯ ᠨᠢᠭᠡᠨᠲᠡ | ᠰᠢᠪᠲᠤᠷᠭᠠᠨ ᠳᠠᠭᠠᠨ ᠣᠷᠣᠪᠠ᠃ ᠪᠠᠷᠢᠯᠭ᠎ᠠ ᠶᠢᠨ ᠲᠠᠯ᠎ᠠ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠰᠡᠭᠦᠯᠴᠢ ᠶᠢᠨ ᠬᠤᠭᠤᠴᠠᠭᠠᠨ ᠳᠤ ᠬᠥᠮᠦᠨ ᠤ ᠬᠦᠴᠦ ᠪᠣᠳᠠᠰ ᠤᠨ ᠬᠦᠴᠦᠨ ᠤ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠰᠢᠨᠵᠢᠯᠡᠬᠦ | ᠤᠬᠠᠭᠠᠨᠴᠢ ᠪᠠᠷ ᠪᠠᠷᠢᠯᠭ᠎ᠠ ᠪᠠᠷᠢᠵᠤ᠂ ᠶᠠᠰᠤ ᠴᠢᠨᠠᠷ ᠢ ᠪᠠᠲᠤᠯᠠᠵᠤ᠂ ᠴᠠᠭ ᠢ ᠵᠠᠪᠳᠤᠨ᠂ ᠪᠠᠷᠢᠯᠭ᠎ᠠ ᠶᠢᠨ | ᠬᠤᠭᠤᠴᠠᠭ᠎ᠠ ᠶᠢ ᠵᠠᠪᠳᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠭᠡᠬᠦ ︾ | ᠶᠢ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠰᠢᠨ᠎ᠡ ᠠᠬᠢᠴᠠ︾ ᠶᠢ ᠡᠭᠦᠳᠴᠦ᠂ | ᠲᠥᠷᠥᠯ ᠵᠦᠢᠯ ᠢ 9 ᠰᠠᠷ᠎ᠠ ᠶᠢᠨ 1 ᠤ ᠡᠳᠦᠷ ᠠᠴᠠ ᠡᠮᠦᠨ᠎ᠡ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠵᠤ ᠂ | ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ ᠶᠢᠨ ᠪᠠᠶᠢᠪᠠᠰᠤ ᠵᠣᠬᠢᠬᠤ ᠦᠷ᠎ᠡ ᠠᠰᠢᠭ ᠢ ᠡᠷᠲᠡᠬᠡᠨ | ᠪᠠᠳᠠᠷᠠᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ 53 ᠲᠦᠮᠡᠨ ᠲᠥᠭᠦᠷᠢᠭ ᠤᠨ | ᠠᠰᠢᠭ ᠣᠷᠣᠯᠭ᠎ᠠ ᠶᠢᠨ ᠮᠥᠩᠭᠦ ᠬᠤᠷᠢᠶᠠᠵᠤ᠂ 30 ᠠᠵᠢᠯ ᠤᠨ ᠪᠠᠶᠢᠷᠢ ᠬᠠᠩᠭᠠᠵᠤ᠂ ᠪᠸᠢ ᠴᠧᠩ ᠲᠥᠪᠬᠢᠨᠡᠭᠦᠯᠬᠦ | ᠲᠣᠭᠤᠷᠢᠭ ᠲᠤ ᠨᠡᠭᠦᠯᠭᠡᠬᠦ ᠣᠯᠠᠨ ᠲᠦᠮᠡᠨ ᠤ ᠲᠤᠬᠠᠶ ᠶᠢᠨ ᠭᠠᠵᠠᠷ ᠪᠠ ᠣᠶᠢᠷ᠎ᠠ ᠬᠠᠪᠢ ᠳᠠᠭᠠᠨ ᠠᠵᠢᠯ ᠤᠯᠬᠤ ᠶᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠦᠨ ᠥᠷᠭᠡᠳᠬᠡᠨ᠎ᠡ᠃ | | |