ᠰᠧ ᠵᠢᠶᠠ ᠽᠢ ᠪᠠᠯᠭᠠᠰᠤᠨ ᠤ  ᠠᠷᠠᠯᠵᠢᠶᠠᠴᠢᠨ ᠤᠷᠢᠬᠤ ᠪᠦᠯᠬᠦᠮ ᠳᠠᠬᠢᠨ ᠮᠣᠷᠳᠠᠪᠠ
ᠨᠡᠶᠢᠲᠡᠯᠡᠭᠰᠡᠨ ᠴᠠᠭ᠄
2024/7/9
      7 ᠰᠠᠷ᠎ᠠ ᠶᠢᠨ 5 ᠤ ᠡᠳᠦᠷ᠂ ᠰᠧ ᠵᠢᠶᠠ ᠽᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠢᠤᠢ ᠬᠠᠶ ᠪᠥᠸᠧ ᠨᠡᠷ ᠯᠢᠶᠣᠤᠨᠢᠩ ᠮᠤᠵᠢ ᠶᠢᠨ ᠴᠤᠤᠶᠠᠩ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠪᠡ᠃ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠵᠣᠯᠭᠠᠭᠤᠯᠤᠨ ᠵᠥᠪᠳᠡᠯᠴᠡᠬᠦ ᠶᠢ ᠥᠷᠨᠢᠭᠦᠯᠵᠦ᠂ ᠠᠵᠤ ᠠᠬᠤᠶᠢᠯᠠᠯ ᠪᠣᠯᠤᠨ ᠴᠢᠳᠠᠪᠤᠷᠢᠲᠠᠨ ᠢ ᠴᠢᠩ ᠰᠡᠳᠬᠢᠯ ᠠᠴᠠ ᠪᠠᠨ ᠤᠷᠢᠵᠤ ᠰᠧ ᠵᠢᠶᠠ ᠽᠢ ᠪᠠᠯᠭᠠᠰᠤᠨ ᠳᠤ ᠠᠵᠢᠯ ᠬᠢᠵᠦ ᠦᠢᠯᠡᠰ ᠪᠤᠰᠬᠠᠵᠤ᠂ ᠰᠧ ᠵᠢᠶᠠ ᠽᠢ ᠪᠠᠯᠭᠠᠰᠤᠨ ᠤ ᠢᠷᠡᠭᠡᠳᠦᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠵᠠᠩ ᠶᠤᠸᠠᠢ ᠸᠧᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠧᠨ ᠱᠦ ᠸᠧᠢ᠂ ᠪᠠᠯᠭᠠᠰᠤᠨ ᠤ ᠳᠡᠳ᠋ ᠳᠠᠷᠤᠭ᠎ᠠ ᠯᠢᠨ ᠮᠢᠶᠣᠣ ᠵᠡᠷᠭᠡ ᠬᠠᠮᠢᠶ᠎ᠠ ᠪᠦᠬᠦᠢ ᠬᠥᠮᠦᠰ ᠪᠠᠷ᠎ᠠ ᠪᠣᠯᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ  ᠤᠨ ᠬᠢᠨ ᠶᠠᠷᠢᠯᠴᠠᠬᠤ ᠬᠤᠷᠠᠯ ᠬᠢᠬᠦ ᠪᠠᠷ ᠳᠠᠮᠵᠢᠨ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠲᠦᠷᠦᠯ ᠵᠦᠢᠯ ᠤᠨ ᠡᠵᠡᠩᠨᠡᠯᠲᠡ ᠶᠢᠨ ᠵᠠᠭᠪᠤᠷ᠂ ᠬᠥᠭᠵᠢᠯᠲᠡ ᠶᠢᠨ ᠬᠡᠪᠴᠢᠶ᠎ᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠪᠡᠯᠡ ᠣᠷᠣᠭᠤᠯᠤᠯᠲᠠ ᠶᠢᠨ ᠬᠦᠰᠡᠯ ᠡᠷᠡᠮᠡᠯᠵᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠤᠰ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯᠠᠪᠤᠷ᠂ ᠰᠠᠭᠤᠷᠢ ᠲᠥᠬᠦᠭᠡᠷᠦᠮᠵᠢ ᠶᠢᠨ ᠲᠤᠬᠢᠷᠠᠭᠤᠯᠤᠯᠳᠠ᠂ ᠠᠷᠠᠯᠵᠢᠶ᠎ᠠ ᠡᠵᠡᠩᠨᠡᠬᠦ ᠣᠷᠴᠢᠨ ᠨᠦᠬᠦᠴᠡᠯ᠂ ᠭᠠᠵᠠᠷ ᠬᠡᠷᠡᠭᠯᠡᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠭᠡ ᠤᠴᠢᠷ ᠶᠠᠪᠤᠳᠠᠯ ᠢ ᠵᠣᠯᠭᠠᠭᠤᠯᠤᠨ ᠵᠥᠪᠳᠡᠯᠴᠡᠪᠡ᠃ ᠡᠭᠦᠨ ᠤ ᠬᠠᠮᠲᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠰᠧ ᠵᠢᠶᠠ ᠽᠢ ᠪᠠᠯᠭᠠᠰᠤᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠵᠡᠷᠭᠡ ᠶᠢ ᠨᠠᠷᠢᠨ ᠲᠠᠨᠢᠯᠴᠠᠭᠤᠯᠵᠤ᠂ ᠠᠵᠤ ᠠᠬᠤᠶᠢᠯᠠᠯ ᠤᠨ ᠪᠠᠯᠭᠠᠰᠤᠨ ᠳᠤ ᠢᠷᠡᠵᠦ ᠪᠡᠯᠡ ᠣᠷᠣᠭᠤᠯᠤᠨ ᠬᠥᠭᠵᠢᠭᠦᠯᠬᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃    ᠰᠢᠦᠢ ᠬᠠᠢ ᠪᠦᠸᠧ ᠠᠴᠠ ᠂ ︽ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ  ᠠᠷᠠᠯᠵᠢᠶᠠᠴᠢᠨ ᠤᠷᠢᠵᠤ ᠪᠠᠯᠠ  ᠲᠠᠲᠠᠬᠤ ᠪᠠᠷ ᠭᠠᠷᠳᠠᠴᠠ ᠪᠣᠯᠭᠠᠵᠤ᠂ ᠬᠠᠷᠢᠶ᠎ᠠ ᠣᠷᠣᠨ ᠤ ᠪᠠᠨ ᠪᠣᠳᠠᠲᠠᠶ ᠳᠤ ᠰᠠᠭᠤᠷᠢᠯᠠᠨ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠤᠪᠴᠢᠲᠠᠢ ᠪᠠᠷ ᠠᠷᠠᠯᠵᠢᠶᠠᠴᠢᠨ ᠤᠷᠢᠬᠤ ᠶᠢ ᠰᠠᠶᠢᠲᠤᠷ ᠬᠢᠵᠦ᠂ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠳᠤ ᠨᠠᠩ ᠠᠭᠤᠵᠢᠭᠤ᠂ ᠳᠥᠭᠦᠮ ᠳᠥᠲᠡ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠬᠠᠩᠭᠠᠵᠤ᠂ ᠪᠠᠯᠠ ᠣᠷᠣᠭᠤᠯᠤᠭᠴᠢᠳ ᠢ ᠰᠠᠨᠠᠭ᠎ᠠ ᠠᠮᠤᠷ ᠪᠠᠶᠢᠯᠭᠠᠬᠤ᠂ ᠯᠠᠪᠳᠠᠭᠤᠨ ᠪᠠᠲᠤᠲᠠᠶ ᠠᠵᠢᠯᠯᠠᠭᠤᠯᠬᠤ ᠶᠢ ᠦᠨᠡᠨ ᠬᠦ ᠪᠡᠶᠡᠯᠡᠭᠦᠯᠵᠦ᠂ ᠪᠠᠯᠭᠠᠰᠤ ᠲᠣᠰᠬᠤᠨ ᠤ ᠠᠵᠤ ᠦᠢᠯᠡᠰ ᠢ ᠬᠡᠪᠴᠢᠶ᠎ᠡ ᠲᠠᠢ᠂ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠦᠷ᠎ᠡ ᠠᠰᠢᠭ ᠢᠶᠠᠷ ᠥᠨᠳᠥᠷ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠣᠷᠣᠯᠭ᠎ᠠ ᠪᠠᠨ ᠨᠡᠮᠡᠭᠳᠡᠭᠦᠯᠵᠦ ᠳᠡᠶᠢᠯᠬᠦ ︿ᠣᠯᠠᠨ ᠲᠠᠯ᠎ᠠ ᠶᠢᠨ ᠠᠰᠢᠭ ᠬᠦᠷᠲᠡᠬᠦ﹀ ᠪᠠᠶᠢᠳᠠᠯ ᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠧ ᠵᠢᠶᠠ ᠽᠢ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠦ  ᠢᠯᠡᠷᠬᠡᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号