1 — 6 ᠰᠠᠷ᠎ᠠ ᠳᠤ ᠠᠤᠬᠠᠨ ᠬᠤᠰᠢᠭᠤᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠮᠠᠰᠢ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/7/9
    2024 ᠣᠨ ᠤ ᠳᠡᠭᠡᠷ᠎ᠡ ᠬᠠᠭᠠᠰ ᠵᠢᠯ ᠳᠤ᠂ ᠠᠤᠬᠠᠨ ᠬᠤᠰᠢᠭᠤᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠰᠠᠶᠢᠨ ᠪᠠᠶᠢᠵᠤ᠂ ᠬᠠᠳᠠᠭᠠᠯᠠᠮᠵᠢ ᠵᠢᠭᠡᠯᠡᠯᠭᠡ ᠴᠥᠮ ᠨᠡᠯᠢᠶᠡᠳ ᠲᠦᠷᠭᠡᠨ ᠨᠡᠮᠡᠭᠳᠡᠵᠦ᠂ ᠳᠠᠭᠠᠳᠬᠠᠯ ᠤᠨ ᠦᠢᠯᠡᠰ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ᠂ ᠮᠥᠩᠭᠦᠨ ᠭᠦᠢᠯᠭᠡᠭᠡᠨ ᠤ ᠠᠵᠢᠯᠯᠠᠭᠠᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠢᠯᠡᠳᠲᠡ ᠴᠢᠩᠭᠠᠷᠠᠵᠤ᠂ ᠠᠤᠬᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃    ᠨᠢᠭᠡ ᠳᠤ᠂ ᠪᠠᠩᠬᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠬᠠᠨᠳᠤᠰᠢ ᠴᠢᠩᠭᠠᠷᠠᠪᠠ᠃ ᠪᠥᠬᠦ ᠬᠤᠰᠢᠭᠤᠨ ᠤ ᠪᠠᠩᠬᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 289.27 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 15.21 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 11.15 % ᠪᠠᠷ ᠨᠡᠮᠡᠭᠳᠡᠪᠡ᠃    ᠬᠤᠶᠠᠷ ᠲᠤ᠂ ᠪᠠᠩᠬᠢ ᠶᠢᠨ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠡᠭᠡ ᠪᠠᠷ ᠨᠡᠮᠡᠭᠳᠡᠪᠡ᠃ ᠪᠥᠬᠦ ᠬᠤᠰᠢᠭᠤᠨ ᠤ ᠪᠠᠩᠬᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 158.12 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 12.26 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 6.87% ᠨᠡᠮᠡᠭᠳᠡᠪᠡ᠃    ᠭᠤᠷᠪᠠ ᠳᠤ ᠂ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠨᠡᠮᠡᠭᠳᠡᠯ ᠤᠨ ᠳᠠᠪᠠᠭᠤᠯᠢᠭ ᠢᠯᠡᠷᠬᠡᠶ ᠃ ᠳᠠᠭᠠᠳᠬᠠᠯ ᠤᠨ ᠠᠵᠢᠯ ᠲᠥᠷᠥᠯ ᠠᠭᠠᠵᠢᠮ ᠢᠶᠠᠷ ᠬᠥᠭᠵᠢᠨ ᠪᠤᠵᠠᠭᠠᠶᠢᠷᠠᠵᠤ᠂ ᠳᠠᠭᠠᠳᠬᠠᠯ ᠤᠨ ᠭᠦᠨᠴᠡ ᠲᠠᠰᠤᠷᠠᠯᠲᠠ ᠦᠭᠡᠢ ᠨᠡᠮᠡᠭᠳᠡᠪᠡ᠃ ᠳᠠᠭᠠᠳᠬᠠᠯ ᠤᠨ ᠵᠠᠷᠤᠳᠠᠯ ᠤᠨ ᠣᠷᠣᠯᠭ᠎ᠠ ᠶᠢ 1.01 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠥᠯᠥᠪᠦᠷᠢ ᠮᠥᠩᠭᠦ ᠶᠢ 0.22 ᠳ᠋ᠦᠩᠰᠢᠭᠤᠷ ᠲᠥᠭᠦᠷᠢᠭ ᠥᠭᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号