ᠠᠤᠬᠠᠨ ᠬᠤᠰᠢᠭᠤᠨ ᠤ ᠳ᠋ᠠᠢ ᠸᠠᠩ ᠱᠠᠨ ᠠᠵᠤ ᠠᠬᠤᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠳ᠋ᠠᠢ ᠸᠠᠩ ᠱᠠᠨ ᠠᠭᠤᠷᠬᠠᠢ ᠶᠢᠨ ᠣᠷᠣᠨ ᠤ ᠬᠠᠷ᠎ᠠ ᠲᠤᠭᠤᠯᠭ᠎ᠠ ᠮᠥᠩᠬᠦ  ᠠᠯᠲᠠᠨ ᠤ ᠠᠭᠤᠷᠬᠠᠢ ᠶᠢᠨ ᠵᠢᠯ ᠳᠤ 9 ᠲᠦᠮᠡᠨ ᠲᠣᠨ ᠠᠯᠲᠠ ᠮᠠᠯᠲᠠᠬᠤ ᠲᠦᠷᠦᠯ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠲᠣᠭᠲᠠᠭᠠᠯᠲᠠ ᠶᠢ ᠥᠩᠭᠡᠷᠡᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2024/7/9
     2024 ᠣᠨ ᠤ 7 ᠰᠠᠷ᠎ᠠ ᠶᠢᠨ 5 ᠤ ᠡᠳᠦᠷ᠂ ᠠᠤᠬᠠᠨ ᠬᠤᠰᠢᠭᠤᠨ ᠤ ᠳ᠋ᠠᠢ ᠸᠠᠩ ᠱᠠᠨ ᠠᠵᠤ ᠠᠬᠤᠶ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠳ᠋ᠠᠢ ᠸᠠᠩ ᠱᠠᠨ ᠠᠭᠤᠷᠬᠠᠢ ᠶᠢᠨ ᠣᠷᠣᠨ ᠤ ᠬᠠᠷ᠎ᠠ ᠲᠤᠭᠤᠯᠭ᠎ᠠ ᠮᠥᠩᠬᠦ ᠠᠯᠲᠠᠨ ᠤ ᠠᠭᠤᠷᠬᠠᠢ ᠶᠢᠨ ᠵᠢᠯ ᠳᠤ 9 ᠲᠦᠮᠡᠨ ᠲᠣᠨ ᠠᠯᠲᠠ ᠮᠠᠯᠲᠠᠬᠤ ᠲᠦᠷᠦᠯ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠳᠣᠭᠲᠠᠭᠠᠯᠲᠠ ᠶᠢ ᠤᠷᠤᠭᠰᠢᠲᠠᠢ ᠥᠩᠭᠡᠷᠡᠭᠦᠯᠪᠡ᠃    ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠨᠢ ᠠᠤᠬᠠᠨ ᠬᠤᠰᠢᠭᠤᠨ ᠤ  ᠰᠢᠶᠠ ᠸᠠ ᠪᠠᠯᠭᠠᠰᠤᠨ ᠳᠤ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ 15480.52 ᠲᠦᠮᠡᠨ ᠲᠥᠭᠦᠷᠢᠭ ᠪᠠᠶᠢᠵᠤ᠂ ᠠᠭᠤᠷᠬᠠᠶ ᠶᠢᠨ ᠣᠷᠣᠨ ᠤ ᠲᠠᠯᠠᠪᠠᠶ ᠨᠢ ᠪᠠᠷᠤᠭ 11.08 ᠲᠡᠭᠰᠢ ᠳᠥᠷᠪᠡᠯᠵᠢᠨ  ᠺᠢᠯᠦᠮᠧᠲᠷ ᠪᠠᠶᠢᠵᠤ᠂ ᠭᠠᠵᠠᠷ ᠳᠣᠤᠷᠠᠬᠢ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠠᠪᠴᠤ᠂ ᠦᠢᠯᠡᠳᠪᠦᠷᠢᠯᠡᠯ ᠤᠨ ᠬᠡᠪᠴᠢᠶ᠎ᠡ ᠨᠢ ᠵᠢᠯ ᠳᠤ 9 ᠲᠦᠮᠡᠨ ᠲᠣᠨ ᠪᠣᠯᠤᠨ᠎ᠠ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠠᠭᠤᠷᠬᠠᠢ ᠮᠠᠯᠲᠠᠬᠤ ᠬᠤᠳᠳᠤᠭ ᠤᠨ ᠪᠠᠷᠢᠯᠭ᠎ᠠ᠂ ᠬᠦᠳᠡᠷ ᠰᠢᠯᠢᠬᠦ ᠦᠢᠯᠡᠳᠪᠦᠷᠢ᠂ ᠠᠵᠤ ᠦᠢᠯᠡᠳᠪᠦᠷᠢ ᠶᠢᠨ ᠲᠠᠯᠠᠪᠤᠷ᠂ ᠦᠯᠡᠳᠡᠭᠳᠡᠯ ᠬᠦᠳᠡᠷ ᠤᠨ ᠬᠥᠮᠥᠷᠭᠡ᠂ ᠳᠠᠷᠢ ᠬᠥᠮᠥᠷᠭᠡ ᠪᠠᠶᠢᠭᠤᠯᠬᠤ ᠠᠵᠢᠯ᠂ ᠮᠠᠯᠲᠠᠵᠤ ᠰᠣᠩᠭᠤᠬᠤ ᠲᠥᠬᠦᠭᠡᠷᠦᠮᠵᠢ ᠬᠤᠳᠠᠯᠳᠤᠨ ᠠᠪᠴᠤ ᠤᠭᠰᠠᠷᠠᠬᠤ᠂ ᠠᠭᠤᠷᠬᠠᠢ ᠶᠢᠨ ᠲᠠᠯᠠᠪᠠᠢ᠂ ᠬᠠᠶᠠᠭᠳᠠᠮᠠᠯ ᠴᠢᠯᠠᠭᠤᠨ ᠲᠠᠯᠠᠪᠠᠢ ᠶᠢ ᠵᠡᠷᠭᠡᠪᠡᠷ ᠪᠦᠲᠦᠭᠡᠨ ᠪᠠᠶᠢᠭᠤᠯᠬᠤ᠂ ᠠᠯᠪᠠᠨ ᠤ ᠪᠠ ᠲᠤᠰᠠᠯᠠᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃    ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ ᠵᠢᠯ ᠳᠤᠮᠳᠠᠴᠢ ᠶᠢᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 8144.06 ᠲᠦᠮᠡᠨ ᠲᠥᠭᠦᠷᠢᠭ᠂ 2036.02 ᠲᠦᠮᠡᠨ ᠲᠥᠭᠦᠷᠢᠭ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠵᠤ᠂ ᠵᠢᠯ ᠤᠨ ᠴᠡᠪᠡᠷ ᠠᠰᠢᠭ ᠣᠷᠣᠯᠭ᠎ᠠ 6108.04 ᠲᠦᠮᠡᠨ ᠲᠥᠭᠦᠷᠢᠭ ᠪᠣᠯᠤᠨ᠎ᠠ᠃ 120 ᠬᠥᠮᠦᠨ ᠳᠤ ᠠᠵᠢᠯ  ᠣᠯᠭᠤᠬᠤ ᠪᠠᠷ ᠲᠦᠯᠦᠪᠯᠡᠵᠦ ᠪᠠᠶᠢᠨ᠎ᠠ᠃    ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠡᠬᠢ ᠪᠠᠶᠠᠯᠢᠭ ᠢ ᠪᠦᠲᠦᠮᠵᠢᠲᠡᠶ ᠨᠡᠭᠡᠭᠡᠨ ᠠᠰᠢᠭᠯᠠᠬᠤ ᠶᠢ ᠪᠡᠶᠡᠯᠡᠭᠦᠯᠦᠨ᠂ ᠲᠤᠰ ᠭᠠᠵᠠᠷ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠴᠢᠳᠠᠨ᠎ᠠ᠃  ᠠᠣᠬᠠᠨ ᠬᠤᠰᠢᠭᠤᠨ ᠤ ᠣᠷᠣᠨ ᠨᠤᠲᠤᠭ ᠤᠨ ᠠᠵᠤ ᠠᠬᠤᠢ ᠶᠢᠨ ᠡᠷᠡᠭᠦᠯ ᠲᠣᠭᠲᠠᠭᠤᠨ᠂ ᠡᠶ᠎ᠡ ᠵᠣᠬᠢᠴᠠᠩᠭᠤᠢ  ᠬᠦᠭᠵᠢᠯᠲᠡ ᠶᠢ ᠳᠠᠶᠢᠴᠢᠯᠠᠬᠤ ᠳᠤ ᠢᠳᠡᠪᠬᠢᠲᠡᠢ ᠦᠢᠯᠡᠳᠦᠯ ᠦᠵᠡᠭᠦᠯᠬᠦ  ᠪᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号