ᠢᠦᠶ ᠯᠢᠨ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠠᠤᠬᠠᠨ ᠬᠤᠰᠢᠭᠤᠨ ᠳᠤ  ᠢᠷᠡᠵᠦ ᠣᠶ ᠰᠢᠭᠤᠶ  ᠨᠤᠲᠤᠭ ᠪᠡᠯᠴᠢᠭᠡᠷ ᠤᠨ ᠠᠵᠢᠯ ᠢ ᠰᠢᠨᠵᠢᠯᠡᠨ ᠪᠠᠶᠢᠴᠠᠭᠠᠵᠤ ᠰᠣᠯᠢᠯᠴᠠᠪᠠ
ᠨᠡᠶᠢᠲᠡᠯᠡᠭᠰᠡᠨ ᠴᠠᠭ᠄
2024/7/9
     7 ᠰᠠᠷ᠎ᠠ ᠶᠢᠨ 7 ᠤ ᠡᠳᠦᠷ᠂ ᠢᠦᠶ ᠯᠢᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠯᠢᠦᠶ ᠷᠦᠢ ᠴᠢᠩ ᠪᠦᠯᠬᠦᠮ ᠳᠠᠭᠠᠭᠤᠯᠤᠨ ᠠᠤᠬᠠᠨ ᠬᠤᠰᠢᠭᠤᠨ ᠳᠤ ᠢᠷᠡᠵᠦ ᠣᠶ ᠰᠢᠭᠤᠶ ᠨᠤᠲᠤᠭ ᠪᠡᠯᠴᠢᠭᠡᠷ ᠤᠨ ᠠᠵᠢᠯ ᠢ ᠰᠢᠨᠵᠢᠯᠡᠨ ᠪᠠᠶᠢᠴᠠᠭᠠᠵᠤ ᠰᠣᠯᠢᠯᠴᠠᠪᠠ᠃ ᠤᠯᠠᠭᠠᠨᠬᠠᠳᠠ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠬᠠᠨ ᠵᠢᠩ ᠬᠤᠸᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠬᠠᠮᠢᠶ᠎ᠠ ᠪᠥᠬᠦᠶ ᠰᠢᠶᠠᠩ ᠪᠠᠯᠭᠠᠰᠤ ᠰᠤᠮᠤ ᠶᠢᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠳ ᠪᠠᠷ᠎ᠠ ᠪᠣᠯᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠ ᠴᠠᠩ ᠯᠢᠶᠠᠩ ᠠᠮᠢ ᠠᠬᠤᠢ ᠶᠢᠨ ᠪᠣᠯᠪᠠᠰᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠭᠤᠷᠢᠨ ᠭᠠᠵᠠᠷ᠂ ᠬᠤᠷᠴᠢᠨ ᠤ  ᠡᠯᠡᠰᠦ ᠶᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠳᠥᠷᠪᠡᠳᠦᠭᠡᠷ ᠳᠠᠶᠢᠯᠠᠯᠳᠤᠭᠠᠨ ᠤ ᠲᠣᠭᠤᠷᠢᠭ ᠤᠨ ᠤᠷᠤᠢ ᠶᠢᠨ ᠰᠦᠮ᠎ᠡ ᠰᠤᠮᠤ ᠶᠢᠨ ᠡᠯᠡᠰᠦ ᠶᠢ ᠵᠠᠰᠠᠬᠤ ᠢᠨᠵᠧᠨᠧᠷᠢᠩ ᠤᠨ ᠲᠤᠬᠠᠢ ᠶᠢᠨ ᠲᠠᠯᠠᠪᠠᠢ᠂ ᠭᠤᠷᠪᠠᠨᠬᠤᠸᠠ ᠪᠠᠯᠭᠠᠰᠤᠨ ᠤ ᠺᠠᠩ ᠵᠢᠶᠠ ᠶᠢᠩᠽᠢ ᠲᠣᠰᠬᠤᠨ ᠤ ︽ᠨᠠᠮ ᠤᠨ ᠪᠠᠶᠢᠭᠤᠯᠤᠯᠲᠠ᠂ ᠪᠠᠶᠢᠴᠠᠭᠠᠬᠤ ᠂ ᠠᠮᠢ ᠠᠬᠤᠢ ᠂ ᠬᠥᠳᠡᠭᠡ ᠲᠣᠰᠬᠤᠨ ︾ ᠮᠢᠩᠭᠠᠨ ᠮᠦ ᠡᠯᠡᠰᠦ ᠶᠢ ᠵᠠᠰᠠᠬᠤ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠠᠪᠤᠭᠰᠠᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠶᠢ ᠰᠣᠨᠣᠰᠴᠤ᠂ ᠠᠤᠬᠠᠨ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠵᠤ  ᠪᠠᠶᠢᠭ᠎ᠠ ᠪᠠᠨ ᠢᠯᠡᠳᠬᠡᠪᠡ᠃ ᠡᠭᠦᠨ ᠤ ᠬᠠᠮᠲᠤ ᠂ ᠲᠠᠷᠠᠭᠠᠴᠢ ᠶᠢᠨ ᠠᠯᠬᠤᠮ ᠤᠨ ᠣᠶ ᠰᠢᠭᠤᠶ  ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠲᠤᠬᠠᠶ ᠰᠠᠨᠠᠯ ᠢᠶᠠᠨ ᠰᠣᠯᠢᠯᠴᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠰᠤᠷᠤᠯᠴᠠᠯᠭ᠎ᠠ ᠶᠢᠨ ᠳᠤᠮᠳᠠ᠂ ᠠᠤᠬᠠᠨ ᠬᠤᠰᠢᠭᠤᠨ ᠤ ᠡᠯᠡᠰᠦ ᠶᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠶᠢ ᠭᠦᠨᠵᠡᠭᠡᠶ ᠣᠶᠢᠯᠠᠭᠠᠵᠤ᠂ ︽ᠬᠢᠬᠦ ᠥᠬᠡᠶ ᠪᠣᠯ ᠪᠣᠯᠬᠤ ᠥᠬᠡᠶ᠂ ᠬᠢᠪᠡᠯ ᠰᠠᠶᠢᠲᠤᠷ ᠬᠢᠬᠦ︾ ᠠᠤᠬᠠᠨ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠰᠢᠯᠢᠳᠡᠭ ᠤᠯᠠᠮᠵᠢᠯᠠᠯ ᠢ ᠭᠦᠨᠵᠡᠭᠡᠶ ᠣᠶᠢᠯᠠᠭᠠᠵᠤ᠂ ᠭᠦᠨ ᠰᠡᠩᠬᠡᠷᠡᠭᠦᠯᠦᠯ ᠣᠯᠵᠤ᠂ ᠣᠯᠤᠯᠲᠠ ᠶᠡᠬᠡᠲᠡᠶ ᠪᠣᠯᠤᠭᠰᠠᠨ ᠪᠥᠭᠡᠳ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠳᠡᠮᠵᠢᠨ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ  ᠭᠡᠵᠦ ᠢᠯᠡᠷᠬᠡᠶᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号