ᠠᠣᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠬᠦᠯᠢᠶᠡᠨ ᠠᠪᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/7/9
    ᠵᠢᠯ ᠳᠤ ᠨᠢᠭᠡ ᠤᠳᠠᠭ᠎ᠠ ᠲᠡᠭᠦᠰᠬᠦ ᠤᠯᠠᠷᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠭᠥᠯᠢᠶᠡᠨ ᠠᠪᠴᠤ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠭᠥᠯᠢᠶᠡᠨ ᠠᠪᠴᠤ ᠬᠠᠮᠢᠶᠠᠷᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃    ᠨᠢᠭᠡ ᠳᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠭᠥᠯᠢᠶᠡᠨ ᠠᠪᠬᠤ ᠠᠵᠢᠯ ᠤᠨ ᠬᠠᠮᠤᠷᠬᠤ ᠬᠡᠪᠴᠢᠶ᠎ᠡ ᠪᠠ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠮᠡᠳᠡᠯᠭᠡ ᠶᠢ  ᠤᠬᠠᠭᠤᠯᠤᠨ᠎ᠠ᠃ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠵᠡᠷᠭᠡ ᠬᠠᠮᠢᠶ᠎ᠠ ᠪᠥᠬᠦᠶ ᠵᠦᠢᠯᠡᠰ ᠢ ᠴᠠᠭ ᠲᠤᠬᠠᠶ ᠳᠤᠨᠢ ᠨᠡᠶᠢᠲᠡᠯᠡᠨ᠎ᠡ᠃ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠭᠰᠡᠨ ᠠᠴᠠ ᠣᠲᠣ ᠪᠣᠯᠲᠠᠯ᠎ᠠ᠂  ᠣᠩᠰᠢᠯᠭ᠎ᠠ ᠶᠢᠨ ᠬᠡᠮᠵᠢᠶ᠎ᠡ ᠨᠢ ᠲᠦᠮᠡ ᠰᠢᠬᠠᠮ ᠬᠥᠮᠦᠨ ᠤᠳᠠᠭ᠎ᠠ  ᠬᠦᠷᠪᠡ᠃    ᠬᠤᠶᠠᠷ ᠲᠤ᠂ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠵᠤ᠂ ᠲᠠᠩᠰᠠ ᠡᠪᠬᠡᠮᠡᠯ ᠢ ᠰᠢᠯᠵᠢᠭᠦᠯᠦᠨ ᠬᠦᠷᠭᠡᠬᠦ ᠱᠠᠭᠠᠷᠳᠠᠯᠭ᠎ᠠ ᠶᠢ ᠴᠢᠩᠭ᠎ᠠ ᠠᠳᠬᠤᠵᠤ᠂ ᠭᠥᠯᠢᠶᠡᠨ ᠠᠪᠬᠤ ᠨᠥᠬᠦᠴᠡᠯ ᠳᠤ ᠨᠡᠶᠢᠴᠡᠬᠦ ᠲᠠᠩᠰᠠ ᠡᠪᠬᠡᠮᠡᠯ ᠢ ᠴᠠᠭ ᠲᠤᠬᠠᠶ ᠳᠤᠨᠢ ᠭᠠᠷ ᠤᠨ ᠥᠰᠥᠭ ᠵᠢᠷᠤᠵᠤ ᠬᠤᠷᠢᠶᠠᠨ ᠠᠪᠴᠤ ᠳᠠᠩᠰᠠᠯᠠᠬᠤ᠂ ᠵᠠᠳᠠᠯᠤᠨ ᠪᠠᠶᠢᠴᠠᠭᠠᠨ ᠰᠢᠯᠭᠠᠬᠤ ᠂ ᠮᠡᠳᠡᠭᠡ ᠵᠠᠩᠭᠢ ᠶᠢ ᠡᠮᠬᠢᠯᠡᠬᠦ᠂ ᠲᠤᠭ᠎ᠠ ᠪᠠᠷᠢᠮᠲᠠ ᠶᠢ ᠣᠷᠣᠭᠤᠯᠬᠤ᠂ ᠳ᠋ᠤᠭᠠᠷᠯᠠᠵᠤ ᠬᠥᠮᠥᠷᠭᠡ ᠳᠤ ᠣᠷᠣᠭᠤᠯᠬᠤ ᠵᠡᠷᠭᠡ ᠵᠢᠷᠤᠮᠵᠢᠭᠰᠠᠨ ᠠᠵᠢᠯᠯᠠᠭ᠎ᠠ ᠶᠢ ᠰᠠᠶᠢᠲᠤᠷ ᠬᠢᠨ᠎ᠠ︔ ᠭᠥᠯᠢᠶᠡᠨ ᠠᠪᠤᠭᠰᠠᠨ ᠲᠠᠩᠰᠠ ᠡᠪᠬᠡᠮᠡᠯ ᠢ ᠴᠠᠭ ᠲᠤᠬᠠᠶ ᠳᠤᠨᠢ ᠡᠮᠬᠢᠯᠡᠵᠦ᠂ ᠲᠡᠮᠲᠡᠭᠯᠡᠨ ᠰᠢᠰᠲ᠋ᠧᠮ ᠳᠤ ᠣᠷᠤᠭᠤᠯᠤᠨ᠎ᠠ ᠃  ᠨᠢᠭᠡᠨᠲᠡ ᠬᠦᠯᠢᠶᠡᠨ ᠠᠪᠤᠭᠰᠠᠨ ᠲᠠᠩᠰᠠ ᠡᠪᠬᠡᠮᠡᠯ ᠢ ᠣᠪᠣᠭᠠᠯᠠᠬᠤ ᠥᠬᠡᠶ᠂ ᠰᠢᠰᠲ᠋ᠧᠮ ᠳᠤ  ᠣᠷᠤᠭᠤᠯᠤᠭᠰᠠᠨ ᠲᠠᠩᠰᠠ ᠡᠪᠬᠡᠮᠡᠯ ᠤᠨ ᠮᠡᠳᠡᠭᠡ ᠵᠠᠩᠭᠢ ᠶᠢ ᠵᠥᠪ ᠣᠨᠣᠪᠴᠢᠲᠠᠶ ᠪᠥᠭᠡᠳ ᠠᠯᠳᠠᠭ᠎ᠠ ᠪᠤᠷᠤᠭᠤ ᠥᠬᠡᠶ ᠪᠠᠶᠢᠬᠤ ᠶᠢ ᠴᠢᠩᠭ᠎ᠠ ᠪᠡᠶᠡᠯᠡᠭᠦᠯᠵᠦ᠂ ᠲᠡᠭᠦᠰᠬᠦ ᠰᠤᠷᠤᠭᠴᠢᠳ ᠤᠨ ᠲᠠᠩᠰᠠ ᠡᠪᠬᠡᠮᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠦᠨᠡᠨ ᠬᠦ  ᠪᠠᠲᠤᠯᠠᠬᠤ ᠬᠡᠷᠡᠭᠲᠡᠢ᠃    ᠭᠤᠷᠪᠠ ᠳᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠪᠦᠷᠢᠨᠰᠢᠬᠦᠯᠵᠦ᠂ ᠨᠡᠭᠦᠳᠡᠯ ᠬᠥᠮᠦᠰ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠨᠢᠭᠡᠨᠲᠡ ᠬᠥᠮᠥᠷᠭᠡ ᠳᠤ ᠣᠷᠣᠭᠤᠯᠤᠭᠰᠠᠨ ᠲᠡᠭᠦᠰᠦᠭᠰᠡᠳ ᠤᠨ ᠲᠠᠩᠰᠠ ᠡᠪᠬᠡᠮᠡᠯ ᠢ ᠵᠢᠷᠤᠮᠵᠢᠭᠤᠯᠤᠨ ᠬᠠᠮᠢᠶᠠᠷᠴᠤ᠂ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ᠂ ᠪᠠᠶᠢᠴᠠᠭᠠᠨ ᠦᠵᠡᠬᠦ᠂ ᠰᠢᠯᠵᠢᠭᠦᠯᠦᠨ ᠬᠦᠷᠭᠡᠬᠦ ᠵᠡᠷᠭᠡ ᠡᠯ᠎ᠡ ᠵᠦᠢᠯ ᠤᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠢᠳᠡᠪᠬᠢᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠴᠢᠭᠢᠭ ᠢ ᠰᠡᠷᠭᠡᠶᠢᠯᠡᠬᠦ᠂ ᠬᠤᠷᠣᠬᠠᠢ ᠣᠷᠣᠬᠤ ᠠᠴᠠ ᠰᠡᠷᠭᠡᠶᠢᠯᠡᠬᠦ᠂ ᠭᠡᠷᠡᠯ ᠢ ᠰᠡᠷᠭᠡᠶᠢᠯᠡᠬᠦ᠂ ᠥᠨᠳᠥᠷ ᠳᠤᠯᠠᠭᠠᠨ ᠢ ᠰᠡᠷᠭᠡᠶᠢᠯᠡᠬᠦ ᠵᠡᠷᠭᠡ ᠠᠵᠢᠯ ᠢ ᠢᠮᠠᠭᠲᠠ ᠰᠠᠶᠢᠲᠤᠷ ᠬᠢᠬᠦ ᠬᠡᠷᠡᠭᠲᠡᠶ᠃    ᠣᠲᠣ ᠪᠣᠯᠲᠠᠯ᠎ᠠ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠲᠣᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠲᠡ 800 ᠭᠠᠷᠤᠶ ᠬᠤᠪᠢ ᠲᠠᠩᠰᠠ ᠡᠪᠬᠡᠮᠡᠯ ᠢ ᠭᠥᠯᠢᠶᠡᠨ  ᠠᠪᠬᠤ ᠶᠢᠨ ᠵᠡᠷᠭᠡᠪᠡᠷ ᠲᠠᠩᠰᠠ ᠡᠪᠬᠡᠮᠡᠯ ᠤᠨ  ᠦᠨᠳᠦᠰᠦᠨ ᠮᠡᠳᠡᠭᠡ ᠵᠠᠩᠭᠢ ᠶᠢ ᠨᠢᠭᠡᠨᠲᠡ ᠥᠪᠥᠷ ᠮᠣᠩᠭᠤᠯ ᠤᠨ ᠨᠡᠭᠦᠳᠡᠯ ᠬᠥᠮᠦᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠳᠤ  ᠣᠷᠣᠭᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号