ᠠᠤᠬᠠᠨ ᠬᠤᠰᠢᠭᠤᠨ ᠤ ︽ᠭᠤᠷᠪᠠᠨ  ᠠᠷᠭ᠎ᠠ︾ ᠪᠠᠷ ᠣᠨᠳᠣᠤ ᠭᠠᠵᠠᠷ ᠲᠤ ᠨᠡᠭᠦᠭᠰᠡᠨ ᠣᠯᠠᠨ ᠲᠦᠮᠡᠨ ᠤ ︽ᠭᠤᠷᠪᠠᠨ ᠶᠡᠭᠡ ᠬᠦᠴᠢᠷ ᠠᠰᠠᠭᠤᠳᠠᠯ︾ ᠢ  ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/8/1
        ᠠᠤᠬᠠᠨ ᠬᠤᠰᠢᠭᠤ ︽ᠭᠤᠷᠪᠠᠨ ᠠᠷᠭ᠎ᠠ︾  ᠶᠢ ᠬᠡᠷᠡᠭᠯᠡᠨ ᠨᠡᠭᠦᠭᠰᠡᠨ ᠣᠯᠠᠨ ᠲᠦᠮᠡᠨ ᠤ ᠣᠷᠣᠯᠭ᠎ᠠ ᠬᠦᠴᠢᠷ᠂ ᠠᠭᠤᠰᠤᠯᠴᠠᠯ ᠳᠤ ᠬᠦᠴᠢᠷ᠂ ᠬᠠᠮᠢᠶᠠᠷᠤᠯᠲᠠ ᠳᠤ ᠬᠦᠴᠢᠷ ᠵᠡᠷᠭᠡ ᠭᠤᠷᠪᠠᠨ ᠶᠡᠭᠡ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠣᠷᠣᠨ ᠵᠠᠶ᠂ ᠨᠡᠶᠢᠭᠡᠮ᠂ ᠠᠵᠤ ᠠᠬᠤᠶ᠂ ᠰᠣᠶᠣᠯ᠂ ᠰᠡᠳᠬᠢᠴᠡ ᠵᠡᠷᠭᠡ ᠪᠥᠬᠦ ᠲᠠᠯ᠎ᠠ ᠪᠠᠷ ᠰᠢᠭᠢᠳᠬᠦ ᠶᠢ ᠠᠯᠬᠤᠮ ᠠᠯᠬᠤᠮ ᠢᠶᠠᠷ ᠪᠡᠶᠡᠯᠡᠭᠦᠯᠪᠡ᠃     ᠨᠢᠭᠡ ᠳᠤ ᠂ ᠠᠷᠭ᠎ᠠ ᠵᠠᠮ ᠢᠶᠠᠨ ᠥᠷᠭᠡᠳᠬᠡᠵᠦ᠂ ᠨᠡᠭᠦᠭᠰᠡᠨ ᠣᠯᠠᠨ ᠲᠦᠮᠡᠨ ᠤ ᠣᠷᠣᠯᠭ᠎ᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ︽ᠰᠡᠳᠬᠢᠯ ᠢ ᠳᠤᠯᠠᠭᠠᠴᠠᠭᠤᠯᠵᠤ︾ ᠪᠠᠶᠢᠨ᠎ᠠ᠃ 1128 ᠬᠥᠮᠦᠨ ᠳᠤ ᠨᠠᠮ ᠪᠠ ᠤᠯᠤᠰ ᠤᠨ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠵᠡᠮᠳᠡᠭᠴᠦᠳ ᠤᠨ ᠨᠥᠬᠦᠪᠥᠷᠢ ᠵᠡᠷᠭᠡ ᠰᠠᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠦᠷᠲᠡᠭᠡᠪᠡ︔ 200 ᠡᠷᠦᠬᠡ ᠵᠡᠮᠳᠡᠭᠴᠦᠳ ᠤᠨ ᠬᠡᠷ ᠪᠦᠯᠢ ᠳᠤ ᠡᠷᠦᠬᠡ ᠪᠦᠷᠢ 1500 ᠲᠥᠭᠦᠷᠢᠭ ᠤᠨ ᠰᠠᠭᠠᠳ ᠥᠬᠡᠶ ᠲᠥᠬᠦᠭᠡᠷᠦᠮᠵᠢ ᠶᠢ ᠨᠠᠶᠢᠳᠠᠪᠤᠷᠢᠵᠢᠭᠤᠯᠪᠠ︔ ᠠᠵᠢᠯ ᠣᠯᠭᠤᠯᠲᠠ ᠶᠢᠨ  ᠪᠣᠯᠪᠠᠰᠤᠷᠠᠯ ᠢ 4 ᠤᠳᠠᠭ᠎ᠠ ᠥᠷᠨᠢᠭᠦᠯᠵᠦ᠂ ᠠᠰᠢᠭ ᠭᠥᠷᠳᠡᠭᠰᠡᠨ ᠬᠥᠮᠦᠨ ᠤ ᠲᠤᠭ᠎ᠠ 500 ᠭᠠᠷᠤᠶ ᠬᠥᠮᠦᠨ ᠤᠳᠠᠭ᠎ᠠ ᠳᠤ ᠬᠦᠷᠴᠡᠶ︔ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢᠶᠠᠷ ᠳᠠᠮᠵᠢᠭᠤᠯᠤᠨ 625 ᠬᠥᠮᠦᠰ ᠲᠤ ᠠᠵᠢᠯ ᠣᠯᠭᠤᠪᠠ︔ ᠬᠠᠷᠢᠶ᠎ᠠ ᠣᠷᠤᠨ ᠤ ᠲᠦᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠶᠢ ᠵᠣᠬᠢᠴᠠᠭᠤᠯᠤᠨ ᠬᠠᠷᠢᠯᠴᠠᠵᠤ ᠂ 100 ᠭᠠᠷᠤᠶ  ᠬᠥᠮᠦᠰ ᠢ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠳᠤ ᠣᠴᠢᠭᠤᠯᠤᠨ ᠠᠵᠢᠯ ᠬᠢᠯᠭᠡᠵᠦ᠂ ᠬᠥᠮᠦᠨ ᠪᠦᠷᠢ ᠳᠤ ᠰᠠᠷ᠎ᠠ ᠪᠦᠷᠢ 3600 ᠲᠥᠭᠦᠷᠢᠭ ᠣᠷᠴᠢᠮ  ᠤᠨ ᠬᠦᠯᠦᠰᠦ ᠣᠯᠭᠤᠮᠵᠢ ᠨᠡᠮᠡᠭᠳᠡᠭᠦᠯᠪᠡ︔ ᠨᠡᠭᠦᠯᠭᠡᠭᠰᠡᠨ ᠨᠡᠶᠢᠭᠡᠮ ᠲᠣᠭᠤᠷᠢᠭ ᠲᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠪᠠᠶᠢᠭᠤᠯᠵᠤ᠂ ᠵᠡᠮᠳᠡᠭᠴᠦᠳ ᠢ ᠲᠥᠪᠬᠢᠨᠡᠭᠦᠯᠬᠦ᠂ ᠰᠤᠷᠤᠯᠴᠠᠬᠤ ᠳᠤ ᠪᠠᠷ᠎ᠠ ᠪᠣᠯᠵᠤ  ᠪᠠᠶᠢᠭ᠎ᠠ ᠡᠵᠢ ᠵᠡᠷᠭᠡ 50 ᠭᠠᠷᠤᠶ  ᠬᠥᠮᠦᠰ ᠢ ᠠᠮᠢᠳᠤᠯᠢᠭ ᠢᠶᠠᠷ ᠠᠵᠢᠯ ᠣᠯᠭᠤᠵᠤ᠂ ᠬᠥᠮᠦᠨ ᠪᠦᠷᠢ ᠵᠢᠯ ᠳᠤ 18000 ᠭᠠᠷᠤᠶ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ ᠨᠡᠭᠦᠭᠰᠡᠨ ᠣᠯᠠᠨ ᠲᠦᠮᠡᠨ ᠢ ᠦᠨᠡᠨ ᠬᠦ ᠬᠡᠷ ᠤᠨ ᠡᠭᠦᠳᠡᠨ ᠳᠤ ᠪᠠᠨ ᠠᠵᠢᠯ  ᠣᠯᠭᠤᠵᠤ ᠣᠷᠣᠯᠭ᠎ᠠ ᠶᠢ ᠨᠢ ᠨᠡᠮᠡᠭᠳᠡᠭᠦᠯᠪᠡ᠃     ᠬᠤᠶᠠᠷ ᠲᠤ ᠂ ᠦᠢᠯᠡᠴᠢᠯᠡᠭᠡ ᠪᠠᠨ ᠳᠡᠭᠡᠭᠰᠢᠯᠡᠬᠦᠯᠵᠦ᠂ ᠨᠡᠭᠦᠭᠰᠡᠨ ᠣᠯᠠᠨ ᠲᠦᠮᠡᠨ  ᠤ ᠬᠦᠴᠢᠷ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠢ ︽ᠳᠠᠭᠠᠯᠠᠮᠵᠢᠲᠠᠢ︾ ᠪᠠᠶᠢᠯᠭᠠᠨ᠎ᠠ᠃ ᠨᠡᠶᠢᠭᠡᠮ ᠲᠣᠭᠤᠷᠢᠭ ᠤᠨ ᠤᠰᠤ᠂ ᠴᠠᠬᠢᠯᠭᠠᠨ᠂ ᠵᠠᠮ᠂ ᠭᠠᠯ ᠤᠨᠲᠠᠷᠠᠭᠠᠬᠤ ᠪᠠ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠰᠦᠯᠵᠢᠶ᠎ᠡ ᠶᠢ ᠪᠥᠬᠦ ᠲᠠᠯ᠎ᠠ ᠪᠠᠷ ᠪᠦᠷᠬᠦᠭᠦᠯᠵᠦ᠂ 2024 ᠣᠨ ᠳᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠦᠷᠭᠦᠯᠵᠢᠯᠡᠨ ᠲᠠᠰ ᠳᠡᠪᠰᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ  ᠳᠡᠭᠡᠭᠰᠢᠯᠡᠭᠦᠯᠦᠨ᠎ᠡ︔ ᠡᠯᠪᠡᠭ ᠪᠠᠶᠠᠯᠢᠭ ᠣᠯᠠᠨ ᠶᠠᠩᠵᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠂ ᠰᠡᠳᠬᠢᠴᠡ ᠶᠢᠨ ᠡᠷᠡᠭᠦᠯ ᠮᠡᠨᠳᠦ ᠂ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠶᠢ 10 ᠭᠠᠷᠤᠢ ᠤᠳᠠᠭ᠎ᠠ ᠦᠷᠨᠢᠭᠦᠯᠵᠦ ᠂ ᠴᠢᠨᠠᠷ ᠰᠠᠶᠢᠲᠠᠶ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠨᠡᠭᠦᠭᠰᠡᠨ ᠣᠯᠠᠨ ᠲᠦᠮᠡᠨ ᠢ ᠲᠠᠭᠠᠯᠠᠮᠵᠢᠲᠠᠶ  ᠪᠣᠯᠭᠠᠪᠠ︔ ᠤᠯᠠᠮᠵᠢᠯᠠᠯᠲᠤ ᠪᠠᠶᠠᠷ ᠤᠨ ᠡᠳᠦᠷ ᠪᠠ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠭᠦᠢᠴᠡᠳ ᠠᠰᠢᠭᠯᠠᠨ ᠭᠤᠤᠯ ᠰᠡᠳᠦᠪᠲᠦ ᠨᠣᠮ ᠤᠩᠰᠢᠬᠤ ᠠᠵᠢᠯᠯᠠᠭ᠎ᠠ᠂ ᠤᠳᠬ᠎ᠠ ᠤᠷᠠᠯᠢᠭ ᠤᠨ ᠠᠵᠢᠯᠯᠠᠭ᠎ᠠ ᠵᠡᠷᠭᠡ ᠶᠢ ᠥᠷᠨᠢᠭᠦᠯᠵᠦ᠂ ᠬᠠᠷᠢᠶ᠎ᠠ ᠣᠷᠣᠨ ᠳᠤ ︽ᠳᠤᠮᠳᠠᠳᠤ ᠶᠢᠨ ᠦᠨᠳᠦᠰᠦᠲᠡᠨ  ᠨᠦᠭᠦᠳ ᠨᠢᠭᠡ ᠬᠡᠷ ᠤᠨ ᠬᠥᠮᠦᠨ ᠮᠡᠲᠦ ᠳᠣᠲᠣᠨᠣ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠣᠯᠭᠠᠪᠠ᠃ ᠣᠶᠢᠷ᠎ᠠ ᠶᠢᠨ ᠵᠢᠯ ᠳᠤ᠂ ᠡᠯ᠎ᠡ ᠲᠥᠷᠥᠯ ᠤᠨ ᠠᠵᠢᠯᠯᠠᠭ᠎ᠠ ᠶᠢ 80 ᠭᠠᠷᠤᠶ ᠤᠳᠠᠭ᠎ᠠ ᠥᠷᠨᠢᠭᠦᠯᠵᠦ᠂ 6000 ᠭᠠᠷᠤᠶ ᠬᠥᠮᠦᠨ ᠤᠳᠠᠭ᠎ᠠ  ᠶᠢ  ᠬᠠᠮᠤᠷᠴᠠᠶ᠃    ᠭᠤᠷᠪᠠ ᠳᠤ᠂ ᠵᠠᠰᠠᠯᠲᠠ ᠶᠢ ᠰᠢᠯᠢᠳᠡᠭᠵᠢᠭᠦᠯᠵᠦ ᠂ ᠨᠡᠭᠦᠭᠰᠡᠨ ᠤᠯᠠᠨ ᠲᠦᠮᠡᠨ ᠤ ᠬᠠᠮᠢᠶᠠᠷᠤᠯᠲᠠ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠢ ︽ᠰᠠᠨᠠᠭ᠎ᠠ ᠠᠮᠤᠷ︾  ᠪᠠᠶᠢᠯᠭᠠᠨ᠎ᠠ᠃  ᠰᠠᠭᠤᠭᠠᠯᠢ ᠠᠷᠠᠳ ᠤᠨ ᠬᠡᠷᠡᠭ ᠵᠥᠪᠯᠡᠵᠦ ᠵᠥᠪᠳᠡᠯᠴᠡᠬᠦ ᠠᠵᠢᠯ ᠢ ᠥᠷᠨᠢᠭᠦᠯᠬᠦ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠶᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠪᠠᠶᠢᠭᠤᠯᠵᠤ᠂ ᠨᠡᠶᠢᠭᠡᠮ ᠲᠣᠭᠤᠷᠢᠭ ᠤᠨ ᠠᠷᠠᠳᠴᠢᠯᠠᠯ ᠢᠶᠠᠷ ᠬᠡᠷᠡᠭ ᠵᠥᠪᠯᠡᠬᠦ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠡᠷᠦᠬᠡ ᠪᠠᠷ ᠨᠢᠭᠡᠴᠢ ᠪᠣᠯᠭᠠᠨ ᠬᠤᠪᠢ ᠬᠤᠷᠠᠮᠳᠤᠭᠤᠯᠬᠤ ᠲᠠᠩᠰᠠ ᠡᠪᠬᠡᠮᠡᠯ ᠪᠠᠶᠢᠭᠤᠯᠵᠤ᠂ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢ ᠡᠬᠢᠯᠡᠭᠦᠯᠦᠨ᠂ ᠣᠯᠠᠨ ᠲᠦᠮᠡᠨ ᠢ ︽ᠪᠣᠯᠪᠠᠰᠤᠨ ᠤ ᠬᠤᠪᠢ ᠬᠤᠷᠠᠮᠳᠤᠭᠤᠯᠬᠤ ᠬᠡᠲᠦ ᠳᠡᠯᠭᠡᠭᠦᠷ︾ ᠲᠤ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠪᠠ ᠢᠯᠢᠵᠦ ᠨᠤᠬᠤᠯᠠᠬᠤ  ᠪᠡᠶ᠎ᠡ ᠠᠮᠠᠷᠠᠬᠤ ᠵᠡᠷᠭᠡ ᠡᠯ᠎ᠡ ᠵᠦᠢᠯ ᠤᠨ  ᠦᠢᠯᠡᠴᠢᠯᠡᠭᠡᠨ ᠢ ᠬᠦᠷᠲᠡᠭᠡᠵᠦ᠂ ᠣᠯᠠᠨ ᠲᠦᠮᠡᠨ ᠢ ᠬᠠᠪᠰᠤᠷᠤᠨ ᠨᠡᠶᠢᠭᠡᠮ ᠲᠣᠭᠤᠷᠢᠭ ᠤᠨ ᠠᠮᠢᠳᠤᠷᠠᠯ ᠳᠤ ᠨᠠᠩ ᠰᠠᠶᠢᠨ ᠠᠭᠤᠰᠤᠯᠴᠠᠭᠤᠯᠪᠠ︔ ᠨᠡᠶᠢᠭᠡᠮ ᠲᠣᠭᠤᠷᠢᠭ ᠲᠤ 7  ᠲᠣᠣᠷᠵᠢᠯ ᠪᠠᠶᠢᠭᠤᠯᠵᠤ᠂ 37 ᠰᠦᠯᠵᠢᠶᠡᠨ ᠤ ᠠᠵᠢᠯᠲᠠᠨ ᠲᠣᠬᠢᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢ ᠶᠢᠨ ᠲᠠᠪᠴᠠᠩ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠨᠠᠩ ᠪᠤᠰᠤᠳᠴᠢ ᠪᠥᠭᠡᠳ ᠣᠨᠣᠪᠴᠢᠲᠠᠶ᠂ ᠲᠦᠷᠭᠡᠨ ᠪᠦᠲᠦᠮᠵᠢᠲᠡᠶ ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号