ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/8/1
     7 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠪᠠ᠃ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃
C:\Users\Administrator\Desktop\1_副本.jpg
    ᠬᠤᠷᠠᠯ ᠠᠴᠠ ᠂  ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠲᠠ ᠶᠢᠨ ᠳ᠋ᠦᠩ ᠲᠢᠩ ᠬᠡᠦ ᠨᠠᠭᠤᠷ ᠤᠨ ᠨᠢᠭᠡᠨ ᠱᠤᠭᠤᠮ ᠤᠨ ᠬᠠᠰᠢᠯᠭ᠎ᠠ ᠰᠡᠲᠡᠷᠡᠭᠰᠡᠨ ᠪᠠ ᠱᠠᠨᠰᠢ ᠶᠢᠨ ᠱᠠᠩ ᠯᠦᠸᠧ ᠬᠤᠲᠠ ᠶᠢᠨ ᠬᠢᠯᠢ ᠳᠣᠲᠣᠷᠠᠬᠢ ᠨᠢᠭᠡᠨ ᠲᠦᠷᠭᠡᠨ ᠳᠠᠪᠬᠢᠬᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠪᠠᠶᠢᠳᠠᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 2024 ᠣᠨ ᠤ ᠪᠦᠬᠦ ᠤᠯᠤᠰ ᠤᠨ ᠳᠣᠲᠤᠭᠠᠲᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ︔ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ 2024 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ 2023 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ︵ᠲᠦᠰᠦᠯ ︶᠂  2024 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂   2024 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ︵ᠲᠥᠰᠦᠯ︶᠂ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠲᠤᠭ᠎ᠠ ᠶᠢ ᠬᠢᠨᠠᠨ ᠬᠠᠷᠭᠤᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂  2023 ᠣᠨ ᠤ ᠬᠤᠰᠢᠭᠤᠨ ᠤ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ᠂  ᠪᠥᠬᠦ ᠬᠤᠰᠢᠭᠤᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠠᠤᠬᠠᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠ ᠣᠷᠣᠨ ᠨᠤᠲᠤᠭ ᠤᠨ ᠡᠪᠡᠳᠴᠢᠨ ᠤ ᠠᠵᠢᠯ ᠤᠨ ᠨᠥᠯᠥᠭᠡᠨ ᠤ ᠡᠪᠡᠳᠴᠢᠨ ᠤ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠶᠡᠷᠦᠩᠬᠡᠶᠢᠯᠡᠭᠰᠡᠨ ᠠᠰᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠬᠠᠷᠢᠭᠤ ᠮᠡᠳᠡᠭᠦᠯᠦᠯᠲᠡ᠂ 2024 ᠣᠨ ᠤ ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ᠂ ᠬᠤᠤᠷ ᠴᠠᠭᠠᠵᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
C:\Users\Administrator\Desktop\2_副本.jpg
    ᠬᠤᠷᠠᠯ ᠠᠴᠠ ︽ᠠᠤᠬᠠᠨ ᠬᠤᠰᠢᠭᠤᠨ ᠤ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠪᠡ︔ ︽ᠲᠠᠪᠤᠨ ᠶᠡᠭᠡ ᠡᠭᠦᠷᠭᠡ︾ ᠶᠢᠨ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔  ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠢᠵᠢ ᠪᠥᠷᠢᠳᠦᠭᠦᠯᠬᠦ ᠬᠤᠳᠠᠯᠳᠤᠭᠠᠨ ᠤ A-5 ᠭᠠᠵᠠᠷ ᠢ ᠡᠵᠡᠯᠡᠵᠦ ᠪᠠᠶᠢᠭᠠᠳ ᠲᠥᠯᠥᠪᠵᠢᠭᠦᠯᠬᠦ ᠪᠠᠷ ᠭᠤᠶᠤᠴᠢᠯᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠪᠠ ᠤᠯᠠᠭᠠᠨᠬᠠᠳᠠ ᠶᠢᠨ ᠬᠤᠸᠠ ᠰᠢᠩ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠨ᠎ᠡ ᠬᠠᠶᠠᠯᠴᠠᠭᠤᠯᠤᠨ ᠣᠯᠤᠭᠰᠠᠨ ᠤᠤᠯ ᠤᠨ ᠠᠤᠬᠠᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠠᠯᠪᠠᠨ ᠠᠰᠠᠷ ᠵᠢᠴᠢ ᠬᠤᠶᠢᠲᠤ ᠬᠦᠷᠢᠶᠡᠯᠡᠩ ᠤᠨ ᠭᠠᠵᠠᠷ ᠰᠢᠷᠣᠶ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠬᠦ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠷᠠᠯ ᠠᠴᠠ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ‌‍ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠲᠠ ᠶᠢᠨ ᠳ᠋ᠦᠩ ᠲᠢᠩ ᠬᠡᠦ ᠨᠠᠭᠤᠷ ᠤᠨ ᠨᠢᠭᠡᠨ ᠱᠤᠭᠤᠮ ᠤᠨ ᠬᠠᠰᠢᠯᠭ᠎ᠠ ᠰᠡᠲᠡᠷᠡᠭᠰᠡᠨ ᠪᠠ ᠱᠠᠨᠰᠢ ᠶᠢᠨ ᠱᠠᠩ ᠯᠦᠸᠧ ᠬᠤᠲᠠ ᠶᠢᠨ ᠬᠢᠯᠢ ᠳᠣᠲᠣᠷᠠᠬᠢ ᠨᠢᠭᠡᠨ ᠲᠦᠷᠭᠡᠨ ᠳᠠᠪᠬᠢᠬᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠪᠠᠶᠢᠳᠠᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠶ ᠰᠤᠷᠤᠯᠴᠠᠵᠤ᠂ ᠣᠳᠣᠬᠠᠨ ᠳᠤ ᠶᠠᠭ ᠭᠤᠤᠯ ᠦᠶᠡᠷ ᠤᠨ ᠬᠤᠭᠤᠴᠠᠭ᠎ᠠ ᠪᠣᠯᠵᠣ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠴᠠᠭ ᠲᠤᠬᠠᠶ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠤᠷᠢᠳᠴᠢᠯᠠᠨ ᠵᠢᠱᠢᠭᠰᠡᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠷᠲᠡᠬᠡᠨ ᠨᠡᠶᠢᠲᠡᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠬᠦ ᠲᠠᠯ᠎ᠠ ᠪᠠᠷ ᠬᠢᠨᠠᠨ ᠦᠵᠡᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠠᠪᠤᠷᠠᠨ ᠲᠤᠰᠠᠯᠠᠬᠤ ᠰᠣᠷᠢᠯᠲᠠ ᠶᠢ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠲᠤᠷᠰᠢᠯᠭ᠎ᠠ ᠪᠠᠨ ᠴᠢᠩᠭᠠᠳᠬᠠᠵᠤ᠂ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ᠂ 2024 ᠣᠨ ᠤ ᠳᠡᠭᠡᠷ᠎ᠡ ᠬᠠᠭᠠᠰ ᠵᠢᠯ ᠳᠤ ᠮᠠᠨ ᠤ ᠬᠤᠰᠢᠭᠤᠨ ᠤ ᠠᠵᠤ ᠠᠬᠤᠶ ᠶᠢᠨ ᠠᠵᠢᠯᠯᠠᠭᠠᠨ ︽ᠶᠡᠷᠦᠩᠬᠡᠶ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ︾ ᠰᠠᠶᠢᠨ ᠰᠠᠶᠢᠬᠠᠨ ᠪᠠᠶᠢᠳᠠᠯ ᠢᠯᠡᠷᠡᠪᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠠᠶᠢᠯᠳᠤᠬᠤ ᠪᠣᠳᠣᠯᠭ᠎ᠠ ᠶᠢᠨ  ᠳᠣᠭᠲᠠᠴᠠ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠦᠷᠭᠦᠯᠵᠢᠯᠡᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠣᠳᠣᠷᠬᠠᠢ ᠬᠥᠭᠵᠢᠯᠲᠡ ᠶᠢᠨ ᠠᠷᠭ᠎ᠠ ᠵᠠᠮ ᠢ ᠡᠷᠡᠰ ᠭᠤᠶᠢᠪᠢᠰᠢ ᠦᠭᠡᠢ ᠠᠳᠬᠤᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠪᠦᠬᠦ ᠵᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠦᠷᠢᠶ᠎ᠡ᠂ ᠥᠷᠢ ᠥᠭᠴᠡᠭᠡ ᠪᠣᠯᠤᠨ ᠭᠡᠷ ᠭᠠᠵᠠᠷ ᠤᠨ ᠬᠦᠷᠦᠩᠭᠡ ᠶᠢᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠤᠨ ᠠᠵᠢᠯ ᠳᠠᠬᠢ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠲᠦᠷᠦ ᠶᠢ ᠡᠷᠬᠢᠮᠯᠡᠬᠦ ᠶᠢ ᠪᠣᠳᠠᠲᠤ ᠠᠵᠢᠯᠯᠠᠭ᠎ᠠ ᠳᠠᠭᠠᠨ ᠡᠷᠡᠰ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠧᠨ ᠸᠧᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠠᠨ ᠮᠢᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号