ᠭᠤᠷᠪᠠᠨᠬᠤᠸᠠ ᠪᠠᠯᠭᠠᠰᠤ ᠪᠣᠯᠤᠨ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠡᠨᠧᠷᠭᠢ ᠬᠠᠳᠠᠭᠠᠯᠠᠬᠤ ᠲᠥᠷᠥᠯ ᠵᠦᠢᠯ ᠤᠨ ᠵᠥᠪᠳᠡᠯᠴᠡᠬᠡᠷ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/8/12
      ᠬᠤᠲᠠ ᠶᠢᠨ ᠠᠩᠬᠠᠳᠠᠭᠴᠢ ᠴᠠᠬᠢᠯᠭᠠᠨ ᠲᠣᠤᠷ ᠤᠨ ᠲᠠᠯ᠎ᠠ ᠶᠢᠨ ᠲᠤᠰᠠᠭᠠᠷ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠢᠨᠠᠨ ᠵᠥᠪᠰᠢᠶᠡᠷᠡᠭᠰᠡᠨ ᠠᠴᠠ ᠨᠠᠰᠢ᠂ ᠡᠨᠧᠷᠭᠢ ᠬᠠᠳᠠᠭᠠᠯᠠᠬᠤ ᠲᠥᠷᠥᠯ ᠵᠦᠢᠯ᠂ ᠬᠦᠷᠭᠡᠬᠦ ᠱᠤᠭᠤᠮ ᠤᠨ ᠲᠥᠷᠥᠯ ᠵᠦᠢᠯ ᠤᠨ ᠤᠷᠤᠭᠰᠢᠲᠠᠶ ᠠᠬᠢᠬᠤ ᠶᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 9 ᠤ ᠡᠳᠦᠷ᠂ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠶᠢᠨ ᠰᠢᠨ᠎ᠡ ᠡᠨᠧᠷᠭᠢ ᠶᠢᠨ ᠠᠵᠢᠯ ᠦᠢᠯᠡᠰ ᠤᠨ ᠬᠡᠯᠲᠡᠰ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠴᠧᠨ ᠽᠢ ᠰᠢᠨ ᠭᠤᠷᠪᠠᠨᠬᠤᠸᠠ ᠪᠠᠯᠭᠠᠰᠤᠨ ᠳᠤ ᠬᠦᠷᠴᠦ ᠲᠥᠷᠥᠯ ᠵᠦᠢᠯ ᠤᠨ ᠬᠠᠮᠢᠶ᠎ᠠ ᠪᠥᠬᠦᠶ ᠠᠵᠢᠯ ᠤᠨ ᠲᠤᠬᠠᠶ ᠵᠥᠪᠳᠡᠯᠴᠡᠪᠡ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠽᠦᠸᠧ ᡁᠢ ᠭᠤᠸᠠᠩ ᠠᠴᠠ ᠴᠧᠨ ᠽᠢ ᠰᠢᠨ ᠳᠠᠭᠠᠭᠠᠮᠠᠯ ᠮᠠᠨ ᠤ ᠪᠠᠯᠭᠠᠰᠤᠨ ᠳᠤ ᠢᠷᠡᠵᠦ ᠲᠥᠷᠥᠯ ᠵᠦᠢᠯ ᠢ ᠠᠬᠢᠭᠤᠯᠬᠤ ᠲᠤᠬᠠᠶ ᠵᠥᠪᠳᠡᠯᠴᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠢ ᠠᠬᠢᠭᠤᠯᠬᠤ ᠶᠠᠪᠤᠳᠠᠯ ᠤᠨ ᠲᠤᠬᠠᠢ ᠭᠦᠨᠵᠡᠭᠡᠢ ᠶᠠᠷᠢᠯᠴᠠᠭᠰᠠᠨ ᠪᠥᠭᠡᠳ ᠡᠴᠦᠰ ᠲᠡᠭᠡᠨ ᠬᠠᠮᠲᠤ ᠶᠢᠨ ᠲᠠᠨᠢᠯᠲᠠ ᠲᠠᠢ ᠪᠣᠯᠵᠠᠢ᠃    ᠤᠯᠠᠭᠠᠨᠬᠠᠳᠠ ᠶᠢᠨ ᠰᠢᠨ᠎ᠡ ᠡᠨᠧᠷᠭᠢ ᠶᠢᠨ ᠠᠵᠢᠯ ᠦᠢᠯᠡᠰ ᠤᠨ ᠬᠡᠯᠲᠡᠰ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠴᠧᠨ ᠽᠢ ᠰᠢᠨ ᠠᠴᠠ᠂ ᠪᠠᠯᠭᠠᠰᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠳᠣᠤᠷ᠎ᠠ᠂ ᠠᠤᠬᠠᠨ ᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠪᠥᠬᠦ ᠬᠥᠮᠦᠰ ᠯᠠᠪᠲᠠᠶ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠠᠵᠢᠯ ᠦᠢᠯᠡᠰ ᠤᠨ ᠬᠡᠯᠲᠡᠰ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢᠨ ᠬᠠᠮᠲᠤ ᠭᠤᠷᠪᠠᠨᠬᠤᠸᠠ ᠪᠠᠯᠭᠠᠰᠤᠨ ᠳᠤ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠠᠪᠴᠢᠷᠠᠵᠤ᠂ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠪᠠ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ  ᠭᠡᠵᠦ ᠢᠯᠡᠷᠬᠡᠶᠢᠯᠡᠪᠡ᠃    ᠭᠤᠷᠪᠠᠨᠬᠤᠸᠠ ᠪᠠᠯᠭᠠᠰᠤᠨ ᠤ ᠱᠦᠵᠢ ᠽᠦᠸᠧ ᡁᠢ ᠭᠤᠸᠠᠩ ᠠᠴᠠ᠂ ᠥᠩᠭᠡᠷᠡᠭᠰᠡᠨ ᠲᠠᠢ ᠪᠠᠨ ᠠᠳᠠᠯᠢ ᠪᠠᠷ ᠳ᠋ᠠ ᠲᠠᠩ ᠤᠨ ᠠᠤᠬᠠᠨ ᠤ ᠡᠨᠧᠷᠭᠢ ᠨᠥᠭᠡᠴᠡᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠬᠠᠮᠲᠤ ᠪᠠᠰᠠ ᠳ᠋ᠠ ᠲᠠᠩ ᠠᠴᠠ ᠪᠠᠯᠭᠠᠰᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠳᠤ ᠲᠠᠯᠠᠷᠬᠠᠵᠤ ᠪᠠᠶᠢᠨ᠎ᠠ ᠭᠡᠵᠡᠶ᠃ ᠨᠢᠭᠡ ᠳᠤ᠂ ᠲᠤᠰᠬᠠᠶ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠵᠢᠯᠴᠠᠨ ᠪᠠᠶᠢᠯᠳᠤᠵᠤ᠂ ᠲᠥᠷᠥᠯ ᠵᠦᠢᠯ ᠤᠨ ᠠᠵᠢᠯᠲᠠᠨ ᠲᠠᠢ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ︔ ᠬᠤᠶᠠᠷ ᠲᠤ ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠭᠤᠭᠴᠤᠭ᠎ᠠ ᠶᠢ ᠪᠠᠯᠭᠠᠰᠤᠨ ᠤ ᠵᠠᠰᠠᠭ ᠤᠨ ᠣᠷᠳᠣᠨ ᠢᠳᠡᠪᠬᠢᠲᠡᠶ ᠬᠠᠮᠵᠢᠯᠴᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠡᠷᠬᠢᠮ ᠨᠠᠨᠳᠢᠨ ᠴᠠᠭ ᠬᠤᠭᠤᠴᠠᠭ᠎ᠠ ᠶᠢ ᠲᠡᠮᠡᠴᠡᠨ ᠣᠯᠤᠨ᠎ᠠ  ᠭᠡᠵᠦ ᠢᠯᠡᠷᠬᠡᠶᠢᠯᠡᠪᠡ᠃    ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠣᠯ ᠮᠠᠨ ᠤ ᠬᠤᠲᠠ ᠶᠢᠨ ᠠᠩᠬᠠᠳᠠᠭᠴᠢ ᠴᠠᠬᠢᠯᠭᠠᠨ ᠲᠣᠣᠷ ᠤᠨ ᠲᠠᠯ᠎ᠠ ᠶᠢᠨ ᠲᠤᠰᠠᠭᠠᠷ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ᠎ᠠ᠃ ᠲᠥᠷᠥᠯ ᠵᠦᠢᠯ ᠨᠢ ᠠᠤᠬᠠᠨ ᠬᠤᠰᠢᠭᠤᠨ ᠤ ᠭᠤᠷᠪᠠᠨᠬᠤᠸᠠ ᠪᠠᠯᠭᠠᠰᠤᠨ ᠤ ᠺᠠᠩ ᠵᠢᠶᠠ ᠶᠢᠩ ᠲᠣᠰᠬᠤᠨ ᠳᠤ ᠪᠠᠶᠢᠷᠢᠯᠠᠵᠤ᠂ 40 ᠮᠥ ᠲᠠᠯᠠᠪᠠᠶ ᠡᠵᠡᠯᠡᠵᠦ᠂ 7.46 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠵᠢᠱᠢᠯᠲᠡ ᠪᠠᠷ ᠡᠨᠡ ᠵᠢᠯ ᠤᠨ 8 ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠲᠠᠲᠠᠪᠤᠷᠢᠯᠠᠬᠤ ᠭᠠᠷᠳᠠᠮ ᠢ ᠭᠦᠢᠴᠡᠳᠭᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠬᠦ ᠶᠢᠨ ᠬᠠᠮᠲᠤ ᠵᠢᠩᠬᠢᠨᠢ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠨᠥᠭᠡᠴᠡᠯᠡᠬᠦ ᠴᠠᠬᠢᠯᠭᠠᠨ ᠤ ᠬᠡᠮᠵᠢᠶ᠎ᠡ 1.62 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠮᠠᠨ ᠤ ᠬᠤᠲᠠ ᠶᠢᠨ ᠭᠤᠤᠯᠳᠠᠯᠭ᠎ᠠ ᠲᠠᠢ ᠭᠠᠵᠠᠷ ᠣᠷᠣᠨ ᠤ ᠰᠢᠨ᠎ᠡ ᠡᠨᠧᠷᠭᠢ ᠶᠢ ᠬᠦᠷᠭᠡᠵᠦ ᠰᠢᠩᠭᠡᠭᠡᠬᠦ ᠬᠦᠴᠢᠷᠳᠡᠯ ᠢ ᠤᠯᠠᠮ ᠨᠢᠭᠡ ᠠᠯᠬᠤᠮ ᠨᠠᠮᠳᠠᠭᠤᠯᠵᠤ᠂ ᠣᠷᠣᠨ ᠪᠦᠰᠡ ᠶᠢᠨ ᠴᠠᠬᠢᠯᠭᠠᠨ ᠲᠣᠤᠷ ᠤᠨ ᠰᠢᠰᠲ᠋ᠧᠮ ᠤᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠪᠣᠬᠢᠷᠲᠤᠯ ᠥᠬᠡᠶ ᠣᠶᠤᠨᠴᠢ ᠥᠨᠳᠥᠷ ᠪᠦᠲᠦᠮᠵᠢᠲᠡᠶ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃    ᠳᠠᠷᠠᠭᠠᠴᠢ ᠶᠢᠨ ᠠᠯᠬᠤᠮ ᠳᠤ᠂ ᠭᠤᠷᠪᠠᠨᠬᠤᠸᠠ ᠪᠠᠯᠭᠠᠰᠤ ᠦᠷᠭᠦᠯᠵᠢᠯᠡᠨ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠬᠦᠷᠢᠶ᠎ᠡ ᠪᠠᠨ ᠥᠷᠭᠡᠳᠬᠡᠵᠦ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠨᠢᠭᠡ  ᠥᠷᠲᠡᠭᠡᠴᠢᠯᠡᠭᠰᠡᠨ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠭᠡᠷ᠎ᠡ ᠲᠣᠭᠲᠠᠭᠰᠠᠨ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号