ᠰᠧ ᠳ᠋ᠤᠤ ᠸᠠᠨ ᠽᠢ ᠪᠠᠯᠭᠠᠰᠤ ᠶᠢᠨ ᠲᠦᠮᠡᠨ ᠮᠦ ᠪᠠᠯᠲᠤ ᠬᠡᠮᠬᠡ  ᠭᠤᠶᠤ ᠰᠠᠶᠢᠬᠠᠨ ᠠᠵᠢᠯ ᠣᠯᠭᠤᠯᠲᠠ ᠶᠢᠨ ᠲᠣᠣᠷᠵᠢᠯ ᠢ  ᠨᠡᠬᠡᠨ᠎ᠡ
ᠨᠡᠶᠢᠲᠡᠯᠡᠭᠰᠡᠨ ᠴᠠᠭ᠄
2024/8/12
     ᠣᠶᠢᠷ᠎ᠠ ᠳᠤ᠂ ᠰᠧ ᠳ᠋ᠤᠤ ᠸᠠᠨ ᠽᠢ ᠪᠠᠯᠭᠠᠰᠤᠨ ᠳᠤ᠂ ᠪᠠᠯᠲᠤ ᠬᠡᠮᠬᠡ ᠶᠢᠨ ᠠᠵᠤ ᠦᠢᠯᠡᠰ ᠶᠠᠭ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠵᠦ᠂ ᠪᠠᠯᠲᠤ ᠬᠡᠮᠬᠡ ᠶᠢᠨ ᠦᠨᠦᠷ ᠬᠠᠩᠬᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠲᠤᠬᠠᠶ ᠶᠢᠨ ᠭᠠᠵᠠᠷ ᠤᠨ ᠠᠵᠢᠯ ᠣᠯᠭᠤᠯᠲᠠ ᠶᠢ ᠳᠠᠶᠢᠴᠢᠯᠠᠬᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠤᠭᠰᠠᠨ ᠪᠠᠶᠢᠨ᠎ᠠ᠃    ᠰᠧ ᠳ᠋ᠤᠤ ᠸᠠᠨ ᠽᠢ ᠪᠠᠯᠭᠠᠰᠤ ᠨᠢ ᠥᠪᠡᠷᠮᠢᠴᠡ ᠭᠠᠵᠠᠷ ᠵᠦᠢ ᠪᠠ ᠠᠭᠤᠷ ᠠᠮᠢᠰᠬᠤᠯ ᠤᠨ ᠳᠠᠪᠠᠭᠤᠯᠢᠭ ᠢᠶᠠᠷ ᠢᠶᠠᠨ ᠪᠠᠯᠲᠤ ᠬᠡᠮᠬᠡ ᠲᠠᠷᠢᠬᠤ ᠳᠤ ᠤᠯᠠᠨ ᠠᠴᠠ ᠣᠨᠴᠠᠭᠠᠢ ᠨᠥᠬᠦᠴᠡᠯ ᠬᠠᠩᠭᠠᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠪᠠᠯᠲᠤ ᠬᠡᠮᠬᠡ ᠶᠢᠨ ᠠᠵᠤ ᠦᠢᠯᠡᠰ ᠢ ᠶᠡᠭᠡ ᠪᠠᠷ ᠲᠡᠳᠬᠦᠵᠦ᠂ ᠲᠡᠷᠢᠭᠦᠨ ᠤ ᠳᠠᠷᠢᠬᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠬᠤ ᠪᠠᠷ ᠳᠠᠮᠵᠢᠭᠤᠯᠤᠨ᠂ ᠪᠠᠯᠲᠤ ᠬᠡᠮᠬᠡ ᠳᠠᠷᠢᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠡᠶ᠂ ᠣᠲᠣ ᠰᠧ ᠳ᠋ᠤᠤ ᠸᠠᠨ ᠽᠢ ᠪᠠᠯᠭᠠᠰᠤᠨ ᠤ ᠲᠦᠮᠡᠨ ᠮᠥ  ᠪᠠᠯᠲᠤ ᠬᠡᠮᠬᠡ ᠨᠢᠭᠡᠨᠲᠡ ᠬᠤᠯᠠ ᠣᠶᠢᠷ᠎ᠠ ᠳᠤ ᠠᠯᠳᠠᠷᠰᠢᠵᠤ᠂ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠭ᠎ᠠ ᠰᠠᠶᠢᠲᠠᠶ ᠪᠠᠶᠢᠨ᠎ᠠ᠃    ᠪᠠᠯᠲᠤ ᠬᠡᠮᠬᠡ ᠶᠢᠨ ᠠᠵᠤ ᠦᠢᠯᠡᠰ ᠥᠷᠨᠢᠨ ᠬᠥᠭᠵᠢᠵᠦ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠶᠡᠭᠡ ᠬᠡᠮᠵᠢᠶᠡᠨ ᠤ ᠠᠵᠢᠯ ᠣᠯᠭᠤᠬᠤ ᠲᠣᠬᠢᠶᠠᠯ ᠡᠭᠦᠳᠴᠦ ᠥᠭᠴᠡᠶ᠃ ᠪᠦᠷᠢᠳᠬᠡᠯ ᠢ ᠦᠨᠳᠦᠰᠦᠯᠡᠪᠡᠯ᠂ ᠲᠣᠰ ᠠᠵᠤ ᠦᠢᠯᠡᠰ ᠢᠶᠠᠷ ᠠᠵᠢᠯ ᠣᠯᠭᠤᠭᠰᠠᠨ ᠬᠥᠮᠦᠨ ᠤ ᠲᠤᠭ᠎ᠠ 3.5 ᠲᠦᠮᠡᠨ ᠬᠥᠮᠦᠨ ᠤᠳᠠᠭ᠎ᠠ ᠳᠤ ᠬᠦᠷᠪᠡ᠃ ᠪᠠᠯᠲᠤ ᠬᠡᠮᠬᠡ ᠳᠠᠷᠢᠬᠤ᠂ ᠠᠷᠠᠴᠢᠯᠠᠨ ᠬᠠᠮᠠᠭᠠᠯᠠᠬᠤ ᠠᠴᠠ ᠲᠡᠭᠦᠬᠦ᠂ ᠪᠣᠭᠤᠳᠠᠯᠯᠠᠬᠤ᠂ ᠲᠡᠭᠡᠭᠡᠪᠦᠷᠢᠯᠡᠬᠦ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠶᠡᠭᠡ ᠬᠡᠮᠵᠢᠶᠡᠨ ᠤ ᠬᠥᠳᠡᠯᠮᠦᠷᠢ ᠬᠦᠴᠦ ᠬᠡᠷᠡᠭᠰᠡᠨ᠎ᠡ᠃ ᠤᠤᠯ ᠨᠢ ᠭᠠᠳᠠᠨ᠎ᠠ ᠠᠵᠢᠯᠯᠠᠵᠤ ᠪᠠᠶᠢᠭᠰᠠᠨ ᠮᠠᠰᠢ ᠣᠯᠠᠨ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠨᠤᠲᠤᠭ ᠲᠠᠭᠠᠨ ᠪᠤᠴᠠᠵᠤ ᠡᠨᠡ ᠬᠦ ︽ᠵᠣᠯ ᠵᠢᠷᠭᠠᠯᠲᠤ ᠦᠢᠯᠡᠰ︾ ᠲᠤ ᠣᠷᠣᠯᠴᠠᠬᠤ ᠪᠣᠯᠪᠠ᠃      ᠡᠭᠦᠨ ᠢᠶᠠᠷ ᠪᠠᠷᠠᠬᠤ ᠥᠬᠡᠶ᠂ ᠪᠠᠯᠲᠤ ᠬᠡᠮᠬᠡ ᠶᠢᠨ ᠠᠵᠤ  ᠦᠢᠯᠡᠰ ᠪᠠᠰᠠ ᠲᠣᠰ ᠪᠠᠯᠭᠠᠰᠤᠨ ᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭᠠᠨ ᠤ  ᠭᠦᠢᠯᠭᠡᠭᠡ ᠵᠡᠷᠭᠡ ᠬᠠᠮᠢᠶ᠎ᠠ ᠪᠥᠬᠦᠶ ᠢᠵᠢ ᠪᠥᠷᠢᠳᠦᠭᠰᠡᠨ ᠠᠵᠤ  ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ ᠣᠷᠣᠨ ᠨᠤᠲᠤᠭ ᠤᠨ ᠠᠵᠤ ᠠᠬᠤᠶ ᠶᠢ ᠳᠠᠶᠢᠴᠢᠯᠠᠬᠤ ᠶᠢᠨ ᠬᠠᠮᠲᠤ ᠲᠤᠬᠠᠶ ᠶᠢᠨ ᠭᠠᠵᠠᠷ ᠤᠨ ᠨᠡᠩ ᠣᠯᠠᠨ ᠬᠥᠮᠦᠰ ᠲᠤ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠪᠠᠯᠲᠤ ᠬᠡᠮᠬᠡ ᠶᠢᠨ ᠠᠵᠤ  ᠦᠢᠯᠡᠰ ᠤᠨ ᠦᠷᠭᠦᠯᠵᠢᠯᠡᠨ ᠳᠠᠶᠢᠴᠢᠯᠠᠯᠲᠠ ᠳᠣᠤᠷ᠎ᠠ᠂ ᠰᠧ ᠳ᠋ᠤᠤ ᠸᠠᠨ ᠽᠢ ᠪᠠᠯᠭᠠᠰᠤᠨ ᠤ ᠠᠵᠢᠯ ᠣᠯᠭᠤᠯᠲᠠ ᠶᠢᠨ ᠪᠠᠶᠢᠳᠠᠯ ᠨᠠᠩ ᠪᠠᠶᠠᠰᠤᠩᠭᠤᠶ ᠪᠣᠯᠵᠣ᠂ ᠠᠵᠤ ᠠᠬᠤᠶ ᠶᠢᠨ ᠬᠥᠭᠵᠢᠯᠲᠡ ᠰᠢᠨ᠎ᠡ ᠳᠡᠭᠲᠡᠷ ᠲᠤ ᠭᠠᠷᠴᠤ᠂ ᠡᠨᠡ ᠬᠦ ︽ᠰᠢᠬᠢᠷᠯᠢᠭ  ᠦᠢᠯᠡᠰ︾ ᠲᠤᠬᠠᠶ ᠶᠢᠨ ᠭᠠᠵᠠᠷ ᠲᠤ ᠨᠠᠩ ᠵᠣᠯ ᠵᠢᠷᠭᠠᠯᠲᠤ ᠰᠠᠶᠢᠨ ᠰᠠᠶᠢᠬᠠᠨ ᠢᠷᠡᠭᠡᠳᠦᠶ ᠶᠢ ᠠᠪᠴᠢᠷᠠᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号