ᠠᠤᠬᠠᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︽ᠰᠦᠯᠵᠢᠶᠡᠨ ᠤ ᠴᠤᠭᠯᠠᠷᠠᠯ ᠤᠨ ᠠᠵᠢᠯᠲᠠᠨ ᠠᠵᠢᠯᠴᠢᠨ ᠤ ᠢᠳᠡᠪᠬᠢ ᠬᠦᠴᠦᠨ ᠢ ᠲᠥᠪᠯᠡᠷᠡᠭᠦᠯᠦᠨ ᠳᠤᠮᠳᠠᠳᠤ ᠤᠯᠤᠰ ᠤᠨ ᠰᠠᠶᠢᠨ ᠰᠠᠶᠢᠬᠠᠨ ᠰᠦᠯᠵᠢᠶᠡᠨ  ᠢᠷᠡᠭᠡᠳ ᠪᠣᠯᠬᠤ ᠪᠠᠷ ᠴᠢᠷᠮᠠᠶᠢᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/12
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ ᠂ ᠠᠵᠢᠯᠲᠠᠨ ᠠᠵᠢᠯᠴᠢᠨ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠤ ᠢᠳᠡᠪᠬᠢ ᠬᠦᠴᠦᠨ ᠢ ᠤᠬᠠᠭᠤᠯᠤᠨ ᠪᠠᠳᠠᠷᠠᠭᠤᠯᠵᠤ᠂ 8 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠠᠤᠬᠠᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︽ᠰᠦᠯᠵᠢᠶᠡᠨ ᠤ ᠴᠤᠭᠯᠠᠷᠠᠯ ᠤᠨ ᠠᠵᠢᠯᠲᠠᠨ ᠠᠵᠢᠯᠴᠢᠨ ᠤ ᠢᠳᠡᠪᠬᠢ ᠬᠦᠴᠦᠨ ᠢ ᠲᠥᠪᠯᠡᠷᠡᠭᠦᠯᠦᠨ ᠳᠤᠮᠳᠠᠳᠤ ᠤᠯᠤᠰ ᠤᠨ ᠰᠠᠶᠢᠨ ᠰᠠᠶᠢᠬᠠᠨ ᠰᠦᠯᠵᠢᠶᠡᠨ  ᠢᠷᠡᠭᠡᠳ ᠪᠣᠯᠬᠤ ᠪᠠᠷ ᠴᠢᠷᠮᠠᠶᠢᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠠᠷᠠᠭᠠᠨ ᠤ ᠲᠡᠷᠭᠡᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ ᠶᠢᠨ ᠴᠤᠭᠯᠠᠭᠠᠨ ᠳᠤ ᠣᠷᠣᠬᠤ ᠠᠵᠢᠯᠯᠠᠭ᠎ᠠ ᠲᠠᠢ ᠬᠠᠷᠢᠯᠴᠠᠨ ᠤᠶᠠᠯᠳᠤᠭᠤᠯᠵᠤ᠂ ᠠᠵᠢᠯᠯᠠᠭ᠎ᠠ ᠶᠢᠨ ᠳᠤᠮᠳᠠ᠂ ᠰᠦᠯᠵᠢᠶᠡᠨ ᠤ ᠤᠬᠠᠭᠤᠯᠭ᠎ᠠ ᠶᠢᠨ ᠰᠠᠶᠢᠨ ᠳᠤᠷᠠᠴᠤᠳ ᠰᠠᠶ᠋ᠢᠬᠠᠨ ᠡᠪᠯᠡᠯ ᠳᠤ ᠤᠷᠤᠭᠰᠠᠨ ᠵᠢᠯᠣᠭᠤᠴᠢ ᠨᠠᠶᠢᠵᠠ ᠨᠠᠷ ᠲᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ ᠵᠡᠷᠭᠡ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠦᠯᠵᠢᠶᠡᠨ ᠤ ᠠᠮᠤᠷ ᠲᠦᠪᠰᠢᠨ᠂ ᠰᠦᠯᠵᠢᠶᠡᠨ ᠤ ᠪᠣᠯᠪᠠᠰᠤᠨ᠂ ᠰᠦᠯᠵᠢᠶᠡᠨ ᠤ ᠢᠳᠡᠪᠬᠢ ᠬᠦᠴᠦᠨ ᠢ ᠪᠠᠳᠠᠷᠠᠭᠤᠯᠬᠤ ᠵᠡᠷᠭᠡ ᠬᠤᠯᠪᠣᠭᠳᠠᠯ ᠪᠥᠬᠦᠶ ᠰᠦᠯᠵᠢᠶᠡᠨ ᠤ ᠮᠡᠳᠡᠯᠭᠡ ᠶᠢ ᠨᠠᠷᠢᠨ ᠲᠠᠶᠢᠯᠪᠤᠷᠢᠯᠠᠪᠠ᠃ ᠵᠢᠯᠣᠭᠤᠴᠢ ᠨᠠᠶᠢᠵᠠ ᠨᠠᠷ ᠤᠨ ᠤᠬᠠᠮᠰᠠᠷ ᠠᠴᠠ ᠪᠠᠨ ᠰᠦᠯᠵᠢᠶᠡᠨ ᠤ ᠪᠣᠯᠪᠠᠰᠤᠨ ᠢ ᠬᠠᠮᠠᠭᠠᠯᠠᠵᠤ᠂ ᠰᠦᠯᠵᠢᠶᠡᠨ ᠤ ᠢᠳᠡᠪᠬᠢ ᠬᠦᠴᠦᠨ ᠢ ᠬᠥᠭᠵᠢᠭᠡᠵᠦ᠂ ᠠᠮᠤᠷ ᠲᠦᠪᠰᠢᠨ ᠪᠣᠯᠪᠠᠰᠤᠨ ᠰᠦᠯᠵᠢᠶᠡᠨ ᠤ ᠣᠷᠴᠢᠨ ᠲᠣᠭᠤᠷᠢᠨ ᠢ ᠬᠠᠮᠲᠤ ᠪᠠᠷ ᠡᠭᠦᠳᠬᠦ ᠶᠢ ᠰᠠᠨᠠᠭᠠᠴᠢᠯᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠦᠷᠭᠦᠯᠵᠢᠯᠡᠨ ᠴᠢᠩᠭᠠᠳᠬᠠᠵᠤ᠂ ᠪᠥᠬᠦ ᠬᠤᠰᠢᠭᠤᠨ ᠤ ᠥᠷᠭᠡᠨ ᠣᠯᠠᠨ ᠠᠵᠢᠯᠲᠠᠨ ᠠᠵᠢᠯᠴᠢᠨ ᠬᠠᠤᠯᠢ ᠶᠣᠰᠣᠭᠠᠷ ᠰᠦᠯᠵᠢᠶᠡᠨ ᠳᠤ ᠭᠠᠷᠴᠤ᠂ ᠪᠣᠯᠪᠠᠰᠤᠨ ᠢᠶᠠᠷ ᠰᠦᠯᠵᠢᠶᠡᠨ ᠳᠤ ᠭᠠᠷᠴᠤ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠢᠳᠡᠪᠬᠢ ᠬᠦᠴᠦᠨ ᠢ ᠳᠠᠮᠵᠢᠭᠤᠯᠵᠤ᠂ ᠳᠤᠮᠳᠠᠳᠤ ᠤᠯᠤᠰ ᠤᠨ ᠰᠠᠶᠢᠨ ᠰᠠᠶᠢᠬᠠᠨ ᠰᠦᠯᠵᠢᠶᠡᠨ ᠢᠷᠭᠡᠳ ᠪᠣᠯᠬᠤ ᠪᠠᠷ ᠴᠢᠷᠮᠠᠶᠢᠬᠤ ᠶᠢ ᠰᠠᠨᠠᠭᠠᠴᠢᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号