ᠠᠤᠬᠠᠨ ᠬᠤᠰᠢᠭᠤ 2024 ᠣᠨ ᠤ 1— 7 ᠰᠠᠷ᠎ᠠ ᠶᠢᠨ ︽ᠪᠦᠬᠦᠨ ᠳᠤ ᠲᠣᠬᠢᠷᠠᠬᠤ ᠺᠠᠷᠲ︾ ᠢᠶᠠᠷ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ  ᠶᠢ 36432.89 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/8/12
    2024 ᠣᠨ ᠤ 1—7 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ 36432.89 ᠲᠦᠮᠡᠨ ᠲᠥᠭᠦᠷᠢᠭ ᠲᠠᠷᠬᠠᠭᠠᠵᠤ᠂ ᠨᠥᠬᠦᠪᠥᠷᠢ ᠶᠢᠨ ᠲᠥᠷᠥᠯ ᠵᠦᠢᠯ ᠨᠢ 8 ᠬᠦᠷᠢᠶᠡᠨ ᠤ 32 ᠲᠥᠷᠥᠯ ᠤᠨ 40  ᠵᠦᠢᠯ ᠳᠤ ᠬᠤᠯᠪᠣᠭᠳᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ 89.07 ᠲᠦᠮᠡᠨ ᠬᠥᠮᠦᠨ ᠤᠳᠠᠭ᠎ᠠ ᠠᠰᠢᠭ ᠭᠥᠷᠳᠡᠪᠡ᠃    ᠨᠢᠭᠡ᠂ ᠲᠠᠷᠢᠶᠠᠯᠠᠩ ᠤᠨ ᠲᠥᠷᠥᠯ ᠤᠨ ᠨᠥᠬᠦᠪᠥᠷᠢ ᠶᠢᠨ ᠬᠦᠷᠢᠶ᠎ᠡ 16399.05 ᠲᠦᠮᠡᠨ ᠲᠥᠭᠦᠷᠢᠭ ᠪᠠᠶᠢᠵᠤ ᠂ ᠡᠭᠦᠨ ᠳᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ 13776.64 ᠲᠦᠮᠡᠨ ᠲᠥᠭᠦᠷᠢᠭ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ 2193.64 ᠲᠦᠮᠡᠨ ᠲᠥᠭᠦᠷᠢᠭ     ᠬᠤᠶᠠᠷ᠂ ᠮᠠᠯ ᠠᠵᠤ ᠠᠬᠤᠢ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ 69.53 ᠲᠦᠮᠡᠨ ᠲᠥᠭᠦᠷᠢᠭ ᠪᠠᠶᠢᠵᠤ᠂ ᠡᠭᠦᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ 69.53 ᠲᠦᠮᠡᠨ ᠲᠥᠭᠦᠷᠢᠭ ᠃    ᠭᠤᠷᠪᠠ᠂ ᠣᠢ ᠰᠢᠭᠤᠢ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ 1921.10 ᠲᠦᠮᠡᠨ ᠲᠥᠭᠦᠷᠢᠭ ᠪᠠᠶᠢᠵᠤ᠂ ᠡᠭᠦᠨ ᠳᠤ ᠣᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ 1921.10 ᠲᠦᠮᠡᠨ ᠲᠥᠭᠦᠷᠢᠭ ᠃    ᠳᠥᠷᠪᠡ᠂ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ ᠶᠢᠨ ᠬᠦᠷᠢᠶ᠎ᠡ 42.45 ᠲᠦᠮᠡᠨ ᠲᠥᠭᠦᠷᠢᠭ ᠪᠠᠶᠢᠵᠤ᠂ ᠡᠭᠦᠨ ᠳᠤ ︽ᠬᠤᠷ᠎ᠠ ᠰᠢᠭᠦᠳᠡᠷᠢ ᠶᠢᠨ ᠲᠥᠯᠥᠪᠯᠡᠭᠡ︾ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠰᠤᠷᠤᠭᠴᠢᠳ  ᠤᠨ ᠨᠦᠬᠦᠪᠦᠷᠢ 42.30 ᠲᠦᠮᠡᠨ ᠲᠥᠭᠦᠷᠢᠭ᠃    ᠲᠠᠪᠤ᠂ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠬᠦᠷᠢᠶ᠎ᠡ 1769.65 ᠲᠦᠮᠡᠨ ᠲᠥᠭᠦᠷᠢᠭ ᠪᠠᠶᠢᠵᠤ᠂ ᠡᠭᠦᠨ ᠳᠤ ᠱᠠᠩᠨᠠᠨ ᠲᠡᠳᠬᠦᠬᠦ ᠵᠠᠷᠤᠳᠠᠯ 1177.92 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠭᠡᠷ ᠪᠦᠯᠢ  ᠶᠢᠨ ᠣᠨᠴᠠ  ᠱᠠᠩᠨᠠᠬᠤ ᠨᠥᠬᠦᠪᠥᠷᠢ  561.80 ᠲᠦᠮᠡᠨ ᠲᠦᠭᠦᠷᠢᠭ᠃    ᠵᠢᠷᠭᠤᠭ᠎ᠠ᠂ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ 490.33 ᠲᠦᠮᠡᠨ ᠲᠥᠭᠦᠷᠢᠭ ᠪᠠᠶᠢᠵᠤ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠥᠷᠢ 476.33 ᠲᠦᠮᠡᠨ ᠲᠥᠭᠦᠷᠢᠭ᠃    ᠳᠣᠯᠤᠭ᠎ᠠ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ 15097.16 ᠲᠦᠮᠡᠨ ᠲᠥᠭᠦᠷᠢᠭ᠂ ᠡᠭᠦᠨ ᠳᠤ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 8231.88 ᠲᠦᠮᠡᠨ ᠲᠥᠭᠦᠷᠢᠭ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 703.61 ᠲᠦᠮᠡᠨ ᠲᠥᠭᠦᠷᠢᠭ᠂ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ ᠨᠥᠬᠦᠪᠥᠷᠢ 1459.49 ᠲᠦᠮᠡᠨ ᠲᠥᠭᠦᠷᠢᠭ᠂ ᠠᠰᠠᠷᠠᠮᠵᠢ ᠶᠢᠨ ᠨᠥᠬᠦᠪᠥᠷᠢ 1635.90 ᠲᠦᠮᠡᠨ ᠲᠥᠭᠦᠷᠢᠭ᠂ ᠵᠡᠮᠳᠡᠭᠴᠦᠳ  ᠤᠨ ᠨᠥᠬᠦᠪᠥᠷᠢ 1200.40 ᠲᠦᠮᠡᠨ ᠲᠥᠭᠦᠷᠢᠭ᠂ ᠤᠷᠲᠤ ᠨᠠᠰᠤᠯᠠᠭ᠎ᠠ ᠶᠢᠨ ᠨᠥᠬᠦᠪᠥᠷᠢ 801.47 ᠲᠦᠮᠡᠨ ᠲᠥᠭᠦᠷᠢᠭ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠵᠠᠷᠤᠳᠠᠯ 545.67 ᠲᠦᠮᠡᠨ ᠲᠥᠭᠦᠷᠢᠭ ᠃    ᠨᠠᠢᠮᠠ᠂ ᠴᠠᠯᠢᠩ ᠤᠨ ᠨᠥᠬᠦᠪᠥᠷᠢ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ 643.62 ᠲᠦᠮᠡᠨ ᠲᠥᠭᠦᠷᠢᠭ ᠪᠠᠶᠢᠵᠤ᠂ ᠡᠭᠦᠨ ᠳᠤ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ ᠨᠥᠬᠦᠪᠥᠷᠢ 643.62 ᠲᠦᠮᠡᠨ ᠲᠥᠭᠦᠷᠢᠭ ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号