ᠵᠠᠩ ᠨᠠᠢ ᠾᠦᠢ ᠭᠠᠵᠠᠷ ᠳᠣᠣᠷᠠᠬᠢ ᠬᠤᠳᠠᠯᠳᠤᠭᠠᠨ ᠤ ᠵᠡᠭᠡᠯᠢ ᠶᠢᠨ ᠪᠠᠷᠢᠯᠭ᠎ᠠ᠂ ᠪᠠᠷᠠᠭᠤᠨ ᠠᠭᠤᠯᠠᠨ ᠤ ᠦᠶᠡᠷ ᠢ ᠰᠡᠷᠭᠡᠶᠢᠯᠡᠬᠦ ᠰᠤᠪᠠᠭ  ᠤᠨ ᠭᠠᠵᠠᠷ ᠲᠤ ᠬᠦᠷᠴᠦ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/13
    8 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠨᠠᠢ ᠾᠦᠢ ᠤᠷᠢᠳ ᠬᠤᠵᠢᠳ ᠭᠠᠵᠠᠷ ᠳᠣᠤᠷᠠᠬᠢ ᠬᠤᠳᠠᠯᠳᠤᠭᠠᠨ ᠤ ᠵᠡᠭᠡᠯᠢ ᠶᠢᠨ ᠪᠠᠷᠢᠯᠭ᠎ᠠ᠂ ᠪᠠᠷᠠᠭᠤᠨ ᠠᠭᠤᠯᠠᠨ ᠤ ᠦᠶᠡᠷ ᠢ ᠰᠡᠷᠭᠡᠶᠢᠯᠡᠬᠦ ᠰᠤᠪᠠᠭ ᠤᠨ ᠭᠠᠵᠠᠷ ᠲᠤ ᠬᠦᠷᠴᠦ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠪᠠᠶᠢᠷᠢᠯᠠᠭᠤᠯᠪᠠ᠃    ᠵᠠᠩ ᠨᠠᠢ ᠾᠦᠢ  ᠠᠴᠠ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠠᠵᠢᠯ ᠤᠨ ᠲᠤᠯᠭᠠᠮ᠎ᠠ ᠴᠢᠨᠠᠷ ᠪᠣᠯᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯ ᠤᠨ ᠶᠡᠭᠡ ᠰᠡᠳᠬᠢᠬᠦᠢ ᠶᠢ ᠪᠠᠲᠤ ᠪᠤᠢ ᠪᠣᠯᠭᠠᠵᠤ ᠂ ᠠᠷᠭᠠᠴᠠᠬᠤ ᠪᠤᠳᠤᠯᠭ᠎ᠠ ᠶᠢ ᠰᠡᠳᠬᠢᠯ ᠲᠠᠯᠪᠢᠨ ᠬᠦᠴᠦᠯᠡᠨ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠮᠦᠰ ᠤᠨ ᠠᠮᠤᠷ ᠲᠦᠪᠰᠢᠨ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠵᠦ᠂ ︽ᠴᠠᠭ ᠢᠮᠠᠭᠲᠠ  ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠶ᠃ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠣᠯᠤᠨ ᠦᠶᠡᠷ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠭᠦᠢᠴᠡᠳ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠶᠤᠯ ᠲᠦᠭᠰᠢᠭᠦᠷᠢ ᠶᠢ ᠠᠷᠢᠯᠭᠠᠵᠤ᠂ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠪᠦᠷᠢᠨ ᠭᠦᠢᠴᠡᠳ ᠪᠡᠯᠡᠳᠬᠡᠵᠦ᠂ ᠬᠦᠮᠦᠨ ᠤ ᠬᠦᠴᠦᠨ ᠤ ᠪᠡᠯᠡᠳᠬᠡᠯ ᠢ ᠴᠢᠩᠭᠠᠳᠬᠠᠵᠤ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ ᠭᠠᠷᠤᠮᠠᠭᠴᠠ ᠦᠳᠲᠡᠷ ᠲᠦᠷᠭᠡᠨ ᠲᠣᠬᠢᠲᠠᠢ ᠰᠢᠢᠳᠪᠦᠷᠢᠯᠡᠬᠦ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ  ᠭᠡᠵᠦ  ᠵᠢᠭᠠᠨ ᠭᠠᠷᠭᠠᠪᠠ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号