ᠤᠯᠠᠭᠠᠨᠬᠠᠳᠠ ᠬᠤᠲᠠ ᠶᠢᠨ ᠠᠩᠬᠠᠳᠠᠭᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ ᠠᠤᠬᠠᠨ ᠬᠤᠰᠢᠭᠤᠨ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/8/13
    8 ᠰᠠᠷ᠎ᠠ ᠶᠢᠨ 12 ᠤᠨ ᠡᠳᠤᠷ ᠂ ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠠᠤᠬᠠᠨ ᠬᠤᠰᠢᠭᠤᠨ ᠤ ᠠᠬᠠᠮᠠᠳ ᠺᠠᠳ᠋ᠷ ᠤᠨ ᠲᠣᠪᠴᠢᠶ᠎ᠠ ᠳᠤ ᠬᠤᠷᠠᠯᠳᠤᠪᠠ᠂ ᠡᠨᠡ ᠪᠣᠯ ᠤᠯᠠᠭᠠᠨᠬᠠᠳᠠ ᠬᠤᠲᠠ ᠶᠢᠨ ᠪᠠᠶᠢᠭᠤᠯᠤᠭᠳᠠᠭᠰᠠᠨ ᠠᠩᠬᠠᠳᠠᠭᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ ᠪᠣᠯᠤᠨ᠎ᠠ᠃ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠸᠧᠨ ᠾᠦᠢ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠬᠤᠷᠠᠯ ᠳᠤ ᠣᠷᠣᠯᠴᠠᠪᠠ᠃
C:\Users\Administrator\Desktop\1.jpg
    ᠬᠤᠷᠠᠯ ᠠᠴᠠ ︽ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭᠠᠨ ᠤ ᠲᠦᠷᠢᠮ︾ ᠢ ᠪᠠᠲᠤᠯᠠᠪᠠ︔ ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠠᠩᠬᠠᠳᠤᠭᠠᠷ ᠬᠤᠭᠤᠴᠠᠭᠠᠨ ᠤ ᠬᠤᠯᠪᠣᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠡ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ  ᠨᠢᠭᠡᠴᠡ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠸᠧᠨ ᠾᠦᠢ᠂ ᠵᠠᠩ ᠶᠦᠩ ᠹᠦ᠋ ᠨᠡᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ ᠶᠢᠨ ᠡᠬᠢᠯᠡᠯᠲᠡ ᠶᠢᠨ ᠶᠣᠰᠣᠯᠠᠯ ᠢ ᠬᠠᠮᠲᠤ ᠪᠠᠷ ᠡᠬᠢᠯᠡᠭᠦᠯᠦᠭᠰᠡᠨ ᠪᠥᠭᠡᠳ ᠬᠤᠯᠪᠣᠭᠠᠨ ᠤ ᠨᠢᠭᠡᠴᠡ ᠳᠤ ᠫᠠᠶᠢᠰᠠ ᠣᠯᠭᠤᠪᠠ᠃
C:\Users\Administrator\Desktop\2.jpg
    ᠵᠠᠩ ᠶᠦᠩ ᠹᠦ᠋ ᠶᠠᠷᠢᠶᠠᠨ ᠳᠠᠭᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠢᠯᠯᠠᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠴᠢᠶᠠᠯᠠᠪᠤᠷᠢ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠠᠵᠤ ᠠᠬᠤᠶᠢᠯᠠᠯ᠂ ᠭᠡᠷ ᠪᠦᠯᠢ ᠳᠤ ᠣᠷᠣᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠬᠡᠪ ᠰᠤᠷᠲᠠᠯ ᠢ ᠦᠨᠡᠨ ᠬᠦ ᠪᠤᠢ ᠪᠣᠯᠭᠠᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ  ᠤᠨ ᠳᠡᠭᠡᠭᠰᠢᠯᠡᠯᠲᠡ᠂ ᠡᠶ᠎ᠡ ᠵᠣᠬᠢᠴᠠᠩᠭᠤᠢ  ᠠᠤᠬᠠᠨ ᠤ ᠪᠠᠶᠢᠭᠤᠯᠤᠯᠲᠠ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃
C:\Users\Administrator\Desktop\3.jpg
    ᠸᠧᠨ ᠾᠦᠢ ᠶᠠᠷᠢᠶᠠᠨ ᠳᠠᠭᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯ ᠪᠦᠬᠦ ᠨᠡᠶᠢᠭᠡᠮ ᠤᠨ ᠬᠠᠮᠲᠤ ᠶᠢᠨ ᠦᠢᠯᠡᠰ ᠮᠥᠨ᠂ ᠬᠤᠯᠪᠣᠭᠠᠨ ᠤ ᠡᠯ᠎ᠡ ᠪᠦᠷᠢᠯᠳᠦᠬᠦᠨ ᠨᠢᠭᠡᠴᠡ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠤᠯᠪᠣᠭᠠᠨ ᠤ ᠦᠷᠭᠦᠯᠵᠢᠯᠡᠬᠦ ᠬᠥᠭᠵᠢᠯᠲᠡ ᠶᠢᠨ ᠲᠣᠭᠲᠠᠴᠠ ᠶᠢ ᠴᠢᠨᠠᠭᠰᠢᠳᠠ ᠰᠦᠪᠡᠭᠴᠢᠯᠡᠵᠦ᠂ ᠴᠡᠭ ᠢᠶᠠᠷ ᠨᠥᠯᠥᠭᠡᠯᠡᠬᠦ ᠶᠢ ᠪᠠᠷᠢᠮᠲᠠᠯᠠᠵᠤ᠂ ᠬᠤᠯᠪᠣᠯᠳᠤᠭᠤᠯᠤᠨ ᠬᠥᠳᠡᠯᠦᠯᠴᠡᠬᠦ ᠶᠢ ᠪᠠᠷᠢᠮᠲᠠᠯᠠᠵᠤ᠂ ᠬᠡᠪᠴᠢᠶ᠎ᠡ ᠶᠢ ᠥᠷᠭᠡᠳᠬᠡᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠪᠦᠬᠦ ᠲᠠᠯ᠎ᠠ ᠪᠠᠷ ᠰᠣᠯᠢᠯᠴᠠᠬᠤ᠂ ᠬᠠᠮᠵᠢᠯᠴᠠᠨ ᠬᠥᠭᠵᠢᠬᠦ︾ ᠵᠠᠷᠴᠢᠮ ᠢ ᠪᠠᠷᠢᠮᠲᠠᠯᠠᠵᠤ᠂ ᠨᠡᠩ ᠤᠯᠠᠨ ᠨᠡᠶᠢᠭᠡᠮ ᠤᠨ ᠬᠦᠴᠦᠨ ᠢ ᠲᠠᠲᠠᠵᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤ ᠣᠷᠣᠯᠴᠠᠭᠤᠯᠵᠤ᠂ ᠬᠦᠴᠦ ᠪᠠᠨ ᠬᠠᠮᠲᠤᠳᠬᠠᠨ ᠪᠠᠶᠢᠭᠤᠯᠵᠤ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠢᠨ᠎ᠡ ᠬᠡᠯᠪᠡᠷᠢ ᠰᠢᠨ᠎ᠡ ᠰᠡᠳᠬᠢᠮᠵᠢ ᠶᠢᠨ ᠰᠢᠨ᠎ᠡ ᠶᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
C:\Users\Administrator\Desktop\4.jpg
    ᠬᠤᠷᠠᠯ ᠤᠨ ᠳᠠᠷᠠᠭ᠎ᠠ᠂ ᠸᠧᠨ ᠾᠦᠢ ᠨᠠᠷ ᠤᠷᠢᠳ ᠬᠤᠵᠢᠳ ᠠᠤᠬᠠᠨ ᠬᠤᠰᠢᠭᠤᠨ ᠤ ᠲᠣᠮᠣ ᠳ᠋ᠠᠶᠢᠲ᠋ᠠ ᠶᠢᠨ ᠲᠥᠪ᠂ ᠥᠪᠥᠷ ᠮᠣᠩᠭᠤᠯ ᠤᠨ ᠸᠧᠢ ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠢᠨᠠᠷ ᠰᠠᠶᠢᠲᠠᠢ ᠡᠬᠢ ᠪᠠᠶᠠᠯᠢᠭ ᠢ ︽ᠠᠣᠬᠠᠨ ᠤ ᠬᠤᠯᠪᠤᠭ᠎ᠠ ᠸᠢᠴᠠᠲ︾ ᠲᠠᠪᠴᠠᠩ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃    ᠠᠤᠬᠠᠨ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠯᠪᠣᠭᠠᠨ ᠤ ᠪᠦᠷᠢᠯᠳᠦᠬᠦᠨ ᠨᠢᠭᠡᠴᠡ᠂ ᠬᠠᠮᠢᠶ᠎ᠠ ᠪᠥᠬᠦᠶ ᠳᠤᠮᠳᠠᠳᠤ ᠪᠠᠭ᠎ᠠ ᠰᠤᠷᠭᠠᠭᠤᠯᠢ᠂ ᠬᠡᠰᠡᠭ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号